ᠬᠦᠯᠦᠨ ᠪᠣᠶᠢᠷ ᠬᠤᠲᠠ 2019 ᠣᠨ ᠤ ᠤᠷᠢᠬᠠᠨ ᠰᠠᠯᠬᠢ ᠠᠵᠢᠯᠯᠠᠭ᠎ᠠ ᠵᠢᠴᠢ ᠪᠡᠭᠡᠵᠢᠩ ᠦᠪᠦᠷ ᠮᠣᠩᠭᠤᠯ ᠤᠨ ᠬᠦᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠡᠪᠦᠯ ᠤᠨ ᠤᠯᠠᠷᠢᠯ ᠤᠨ ᠲᠣᠮᠤ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2019/11/29
     ᠦᠨᠦᠬᠡᠨ᠂ 2019 ᠣᠨ ᠤ ᠤᠷᠢᠬᠠᠨ ᠰᠠᠯᠬᠢ ᠠᠵᠢᠯᠯᠠᠭ᠎ᠠ ᠵᠢᠴᠢ ᠪᠡᠭᠡᠵᠢᠩ ᠦᠪᠦᠷ ᠮᠣᠩᠭᠤᠯ ᠤᠨ ᠬᠦᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠡᠪᠦᠯ ᠤᠨ ᠤᠯᠠᠷᠢᠯ ᠤᠨ ᠲᠣᠮᠤ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠮᠣᠷᠢᠨᠳᠠᠪᠠᠭ᠎ᠠ ᠲᠠᠭᠤᠷ ᠦᠨᠲᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠳᠤ ᠬᠦᠰᠢᠭᠡ ᠪᠠᠨ ᠨᠡᠭᠡᠭᠡᠪᠡ᠃ ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ︽ᠰᠢᠯᠵᠢᠭᠦᠯᠦᠨ ᠠᠵᠢᠯ ᠣᠯᠭᠤᠬᠤ ᠶᠢ ᠠᠬᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠳᠤ ᠬᠦᠴᠦ ᠨᠡᠮᠡᠬᠦ︾᠎ ᠪᠠᠷ ᠭᠤᠣᠯ ᠰᠡᠳᠦᠪ ᠪᠣᠯᠭᠠᠵᠦ᠂ ᠨᠡᠶᠢᠲᠡ 92 ᠠᠵᠦ ᠠᠬᠤᠶᠢᠯᠠᠯ ᠣᠷᠤᠯᠴᠠᠪᠠ᠂ ᠡᠭᠦᠨ ᠳᠤ ᠪᠡᠭᠡᠵᠢᠩ ᠬᠤᠲᠠ ᠶᠢᠨ 52 ᠠᠵᠦ ᠠᠬᠤᠶᠢᠯᠠᠯ᠂ ᠲᠣᠬᠠᠢ ᠶᠢᠨ ᠭᠠᠵᠠᠷ ᠤᠨ 40 ᠠᠵᠦ ᠠᠬᠤᠶᠢᠯᠠᠯ ᠣᠷᠤᠯᠴᠠᠵᠦ᠂ 2648 ᠠᠵᠢᠯ ᠤᠨ ᠪᠠᠶᠢᠷᠢ ᠬᠠᠨᠭ᠍ᠭᠠᠪᠠ᠃ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 2300 ᠬᠦᠮᠦᠨ ᠤᠳᠠᠭ᠎ᠠ ᠣᠷᠤᠯᠴᠠᠪᠠ᠂ ᠡᠬᠦᠨ ᠳᠤ ᠶᠠᠳᠠᠭᠤ ᠬᠦᠴᠢᠷᠳᠡᠯ ᠲᠠᠢ ᠬᠦᠳᠡᠯᠮᠦᠷᠢ ᠬᠦᠴᠦ 101 ᠬᠦᠮᠦᠨ ᠤᠳᠠᠭ᠎ᠠ ᠣᠷᠤᠯᠴᠠᠵᠦ᠂ ᠠᠩᠬ᠎ᠠ ᠠᠯᠬᠤᠮ 223 ᠬᠦᠮᠦᠨ ᠠᠵᠢᠯ ᠣᠯᠬᠤ ᠰᠠᠨᠠᠮᠵᠢ ᠬᠡᠯᠡᠯᠴᠡᠨ ᠲᠣᠬᠢᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号