ᠤᠯᠠᠭᠠᠨᠬᠠᠳᠠ ᠬᠤᠲᠠ ᠬᠠᠷᠢ ᠶᠢᠨ ᠴᠢᠳᠠᠪᠤᠷᠢᠲᠠᠨ ᠤ ᠠᠵᠢᠯ ᠤᠨ ᠦᠷᠲᠡᠭᠡ ᠪᠠᠶᠢᠭᠤᠯᠪᠠ
ᠨᠡᠶᠢᠲᠡᠯᠡᠭᠰᠡᠨ ᠴᠠᠭ᠄
2019/11/29
     11 ᠳ᠋ᠦ᠋ᠭᠡᠷ ᠰᠠᠷ᠎ᠠ ᠶᠢᠨ 27᠎ ᠤ ᠡᠳᠦᠷ᠂ ᠤᠯᠠᠭᠠᠨᠬᠠᠳᠠ ᠬᠤᠲᠠ ᠬᠠᠷᠢ ᠶᠢᠨ ᠴᠢᠳᠠᠪᠤᠷᠢᠲᠡᠨ ᠤ ᠠᠵᠢᠯ ᠤᠨ ᠦᠷᠲᠡᠭᠡ ᠪᠠᠶᠢᠭᠤᠯᠤᠭᠳᠠᠭᠰᠠᠨ ᠶᠤᠰᠤᠯᠠᠯ ᠶᠠᠪᠤᠭᠤᠯᠪᠠ᠃ ᠤᠯᠠᠭᠠᠨᠬᠠᠳᠠ ᠶᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠤᠮᠡᠯ ᠹᠷᠤᠨᠲ ᠤᠨ ᠬᠡᠯᠲᠡᠰ ᠤᠨ ᠳᠠᠷᠤᠭ᠎ᠠ ᠰᠤᠶᠤᠯᠴᠡᠴᠡᠭ᠂ ᠦᠪᠡᠷᠲᠡᠭᠡᠨ ᠵᠠᠰᠠᠬᠤ ᠤᠷᠤᠨ ᠤ ᠬᠠᠷᠢᠶᠠᠲᠤ ᠶᠢᠨ ᠬᠤᠯᠪᠤᠭ᠎ᠠ ᠶᠢᠨ ᠨᠡᠶᠢᠭᠡᠮᠯᠢᠭ ᠤᠨ ᠳᠤᠯᠤᠳᠤᠭᠠᠷ ᠬᠤᠭᠤᠴᠠᠭᠠᠨ ᠤ ᠵᠦᠪᠯᠡᠯ ᠤᠨ ᠳᠡᠳ᠋ ᠲᠡᠷᠢᠭᠦᠯᠡᠭᠴᠢ ᠯᠢ ᠰᠢ ᠾᠧ ᠬᠤᠷᠠᠯ ᠳᠤ ᠤᠷᠤᠯᠴᠠᠵᠤ᠂ ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠦ ᠶᠤᠰᠦᠯᠡᠯ ᠢ ᠡᠷᠬᠢᠯᠡᠭᠰᠡᠨ ᠪᠠᠶᠢᠨ᠎ᠠ᠃      ᠰᠤᠶᠤᠯᠴᠡᠴᠡᠭ ᠵᠢᠭᠠᠵᠤ ᠭᠠᠷᠭᠠᠭᠰᠠᠨ ᠨᠢ᠂  ᠬᠠᠷᠢ ᠶᠢᠨ ᠴᠢᠳᠠᠪᠤᠷᠢᠲᠠᠨ ᠤ ᠠᠵᠢᠯ ᠤᠨ ᠦᠷᠲᠡᠭᠡ ᠪᠠᠶᠢᠭᠤᠯᠬᠤ ᠪᠤᠯ ᠤᠯᠠᠭᠠᠨᠬᠠᠳᠠ ᠬᠤᠲᠠ ᠨᠠᠮ ᠠᠴᠠ ᠴᠢᠳᠠᠪᠤᠷᠢᠲᠠᠨ ᠤ ᠠᠵᠢᠯ ᠢ ᠬᠠᠮᠢᠶᠠᠷᠬᠤ ᠪᠠᠨ ᠴᠢᠩᠭᠠᠳᠬᠠᠬᠤ ᠴᠢᠬᠤᠯᠠ ᠭᠠᠷᠳᠠᠴᠠ ᠪᠤᠯᠤᠨ᠎ᠠ᠂ ᠴᠢᠳᠠᠪᠤᠷᠢᠲᠠᠨ ᠤ ᠠᠵᠢᠯ ᠢ ᠳᠡᠰ ᠳᠡᠪᠰᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠢᠳᠡᠯ ᠮᠦᠨ᠂ ︽ᠬᠤᠶᠠᠷ ᠢ  ᠡᠯᠰᠡᠵᠦ ᠬᠤᠶᠠᠷ ᠢ ᠤᠷᠢᠬᠤ︾ ᠠᠵᠢᠯ ᠤᠨ ᠰᠢᠨ᠎ᠡ ᠡᠭᠦᠳᠦᠯᠲᠡ ᠶᠢᠨ ᠪᠦᠲᠦᠮᠵᠢᠲᠡᠢ ᠠᠷᠭ᠎ᠠ ᠬᠡᠮᠵᠢᠶ᠎ᠡ ᠪᠤᠯᠤᠨ᠎ᠠ ᠭᠡᠪᠡ᠃ ᠲᠡᠷᠡ  ᠴᠢᠬᠤᠯᠠᠴᠢᠯᠠᠭᠰᠠᠨ ᠨᠢ᠂ ᠬᠠᠷᠢ ᠶᠢᠨ ᠴᠢᠳᠠᠪᠤᠷᠢᠲᠡᠨ ᠤ ᠠᠵᠢᠯ ᠤᠨ ᠦᠷᠲᠡᠭᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠯᠠᠪᠳᠠᠭᠤᠨ ᠪᠠᠲᠤᠲᠠᠢ ᠪᠦᠲᠦᠮᠵᠢᠲᠡᠢ ᠪᠠᠳᠠᠷᠠᠭᠤᠯᠵᠤ᠂ ᠬᠠᠷᠢ ᠶᠢᠨ ᠴᠢᠳᠠᠪᠤᠷᠢᠲᠠᠨ ᠤ ᠠᠵᠢᠯ ᠤᠨ ᠦᠷᠲᠡᠭᠡ ᠶᠢᠨ ᠡᠳᠦᠷ ᠲᠤᠳᠤᠮ ᠤᠨ ᠠᠵᠢᠯᠯᠠᠭ᠎ᠠ ᠶᠢ ᠪᠤᠲᠠᠲᠠᠢ ᠪᠦᠭᠡᠳ ᠦᠨᠳᠦᠷ ᠪᠦᠲᠦᠮᠵᠢᠲᠡᠢ ᠪᠠᠷ ᠠᠳᠬᠤᠨ᠂ ᠬᠠᠷᠢ ᠶᠢᠨ ᠴᠢᠳᠠᠪᠤᠷᠢᠲᠡᠨ ᠤ ᠠᠵᠢᠯ ᠤᠨ ᠦᠷᠲᠡᠭᠡ ᠶᠢ ᠤᠯᠠᠭᠠᠨᠬᠠᠳᠠ ᠬᠤᠲᠠ ᠶᠢᠨ ᠴᠢᠳᠠᠪᠤᠷᠢᠲᠠᠨ ᠡᠯᠰᠡᠵᠦ ᠮᠡᠷᠭᠡᠳ ᠢ ᠤᠷᠢᠬᠤ ᠡᠮᠤᠨ᠎ᠡ ᠹᠷᠤᠨᠲ ᠤᠨ ᠵᠢᠭᠰᠠᠭᠠᠯ ᠤᠨ ᠭᠠᠵᠠᠷ᠂ ᠮᠡᠳᠡᠭᠡ ᠵᠠᠩᠭᠢ ᠶᠢ ᠭᠠᠳᠠᠭᠰᠢ ᠤᠬᠠᠭᠤᠯᠬᠤ ᠰᠢᠨ᠎ᠡ ᠮᠠᠶ᠋ᠢᠭ ᠤᠨ ᠴᠤᠩᠬᠤ᠂ ︽ᠲᠦᠷᠦᠯ ᠵᠦᠢᠯ ᠤᠨ ᠬᠦᠮᠦᠷᠭᠡ︾᠎ ᠶᠢᠨ ︽ᠴᠢᠳᠠᠪᠤᠷᠢᠲᠠᠨ ᠤ ᠦᠷᠦᠭᠡ︾ ᠪᠤᠯᠭᠠᠨ ᠪᠠᠶᠢᠭᠤᠯᠬᠤ ᠬᠡᠷᠡᠭᠲᠡᠢ ᠭᠡᠵᠡᠢ᠃       ᠤᠯᠠᠭᠠᠨᠬᠠᠳᠠ ᠬᠤᠲᠠ ᠶᠢᠨ ᠬᠠᠷᠢ ᠶᠢᠨ ᠴᠢᠳᠠᠪᠤᠷᠢᠲᠠᠨ ᠤ ᠠᠵᠢᠯ ᠤᠨ ᠠᠩᠬᠠᠳᠤᠭᠠᠷ ᠪᠦᠯᠦᠭ ᠤᠨ ᠦᠷᠲᠡᠭᠡ ᠳᠤ ᠳᠤᠮᠳᠠᠳᠤ ᠤᠯᠤᠰ ᠤᠨ ᠤᠯᠠᠭᠠᠨᠬᠠᠳᠠ ᠶᠢᠨ ᠶᠠᠫᠤᠨ ᠤ ᠴᠢᠳᠠᠪᠤᠷᠢᠲᠠᠨ ᠤ ᠠᠵᠢᠯ ᠤᠨ ᠦᠷᠲᠡᠭᠡ᠂ ᠳᠤᠮᠳᠠᠳᠤ ᠤᠯᠤᠰ ᠤᠨ ᠤᠯᠠᠭᠠᠨᠬᠠᠳᠠ ᠶᠢᠨ ᠳ᠋ᠧᠨ᠋ᠮᠠᠷᠺ ᠤᠨ ᠴᠢᠳᠠᠪᠤᠷᠢᠲᠠᠨ ᠤ ᠠᠵᠢᠯ ᠤᠨ ᠦᠷᠲᠡᠭᠡ᠂ ᠳᠤᠮᠳᠠᠳᠤ ᠤᠯᠤᠰ ᠤᠨ ᠤᠯᠠᠭᠠᠨᠬᠠᠳᠠ ᠶᠢᠨ ᠤᠷᠤᠰ ᠤᠨ ᠰᠠᠨᠲ ᠫᠧᠲ᠋ᠧᠪᠦ᠋ᠷᠡᠭ ᠤᠨ ᠴᠢᠳᠠᠪᠤᠷᠢᠲᠠᠨ ᠤ ᠠᠵᠢᠯ ᠤᠨ ᠦᠷᠲᠡᠭᠡ ᠪᠠᠭᠲᠠᠨ᠎ᠠ᠂ ᠬᠠᠷᠢ ᠶᠢᠨ ᠴᠢᠳᠠᠪᠤᠷᠢᠲᠠᠨ ᠢ ᠤᠷᠢᠨ ᠤᠷᠤᠭᠤᠯᠬᠤ ᠦᠢᠯᠡᠴᠢᠯᠡᠭᠡᠨ ᠤ ᠦᠷᠲᠡᠭᠡᠨ ᠳᠤ ᠤᠯᠠᠭᠠᠨᠬᠠᠳᠠ ᠬᠤᠲᠠ ᠶᠢᠨ ᠲᠠ ᠱᠠᠨ ᠱᠢ ᠤᠶᠤᠨ ᠤ ᠬᠦᠮᠦᠷᠭᠡ ᠶᠢᠨ ᠬᠠᠷᠢ ᠶᠢᠨ ᠴᠢᠳᠠᠪᠤᠷᠢᠲᠠᠨ ᠢ ᠤᠷᠢᠨ ᠤᠷᠤᠭᠤᠯᠬᠤ ᠦᠢᠯᠡᠴᠢᠯᠡᠭᠡᠨ ᠤ ᠦᠷᠲᠡᠭᠡ ︵ᠪᠡᠭᠡᠵᠢᠩ︶᠂ ᠤᠯᠠᠭᠠᠨᠬᠠᠳᠠ ᠬᠤᠲᠠ ᠶᠢᠨ ᠰᠢᠩ ᠨᠠ ᠰᠣᠶᠤᠯ ᠤᠨ ᠬᠠᠷᠢ ᠶᠢᠨ ᠴᠢᠳᠠᠪᠤᠷᠢᠲᠠᠨ ᠢ ᠤᠷᠢᠨ ᠤᠷᠤᠭᠤᠯᠬᠤ ᠦᠢᠯᠡᠴᠢᠯᠡᠭᠡᠨ ᠤ ᠦᠷᠲᠡᠭᠡ ︵ᠪᠡᠭᠡᠵᠢᠩ᠂ ᠠᠦ᠋ᠰᠲᠷᠠᠯᠢᠶ᠎ᠠ︶ ᠪᠠᠭᠲᠠᠨ᠎ᠠ᠃      ᠰᠤᠶᠤᠯᠴᠡᠴᠡᠭ᠂ ᠯᠢ ᠰᠢ ᠾᠧ ᠠᠴᠠ ᠤᠯᠠᠭᠠᠨᠬᠠᠳᠠ ᠬᠤᠲᠠ ᠶᠢᠨ ᠬᠠᠷᠢ ᠶᠢᠨ ᠴᠢᠳᠠᠪᠦᠷᠢᠲᠠᠨ ᠤ ᠠᠵᠢᠯ ᠤᠨ ᠦᠷᠲᠡᠭᠡ᠂ ᠤᠯᠠᠭᠠᠨᠬᠠᠳᠠ ᠬᠤᠲᠠ ᠶᠢᠨ ᠬᠠᠷᠢ ᠶᠢᠨ ᠴᠢᠳᠠᠪᠤᠷᠢᠲᠠᠨ ᠢ ᠤᠷᠢᠨ ᠤᠷᠤᠭᠤᠯᠬᠤ ᠦᠢᠯᠡᠴᠢᠯᠡᠭᠡᠨ ᠤ ᠦᠷᠲᠡᠭᠡ ᠳᠤ ᠢᠯᠡᠷᠬᠡᠶᠢᠯᠡᠯ ᠤᠯᠭᠤᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号