ᠲᠦᠩᠯᠢᠶᠤᠤ ᠬᠤᠲᠠ ᠶᠢᠨ ᠬᠦᠭᠵᠢᠯᠲᠡ ᠪᠠᠨ ᠲᠠᠨᠢᠯᠴᠠᠭᠤᠯᠬᠤ ᠬᠤᠷᠠᠯ ᠵᠢᠴᠢ 2020 ᠤᠨ ᠳᠤ ᠲᠡᠭᠦᠰᠬᠦ ᠤᠶᠤᠲᠠᠨ ᠴᠢᠳᠠᠪᠤᠷᠢᠲᠠᠨ ᠢ ᠤᠷᠢᠬᠤ ᠬᠤᠤᠰ ᠰᠤᠩᠭᠤᠯᠲᠠ ᠶᠢᠨ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2019/11/29
     11 ᠳ᠋ᠦ᠋ᠭᠡᠷ ᠰᠠᠷ᠎ᠠ ᠶᠢᠨ 27᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠲᠡᠰ᠂ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ ᠠᠴᠠ ᠭᠤᠤᠯᠯᠠᠨ ᠡᠷᠬᠢᠯᠡᠭᠰᠡᠨ ᠲᠦᠩᠯᠢᠶᠤᠤ ᠬᠤᠲᠠ ᠶᠢᠨ ᠬᠦᠭᠵᠢᠯᠲᠡ ᠪᠠᠨ ᠲᠠᠨᠢᠯᠴᠠᠭᠤᠯᠬᠤ ᠬᠤᠷᠠᠯ ᠵᠢᠴᠢ 2020 ᠤᠨ ᠎ ᠳᠤ ᠲᠡᠭᠦᠰᠬᠦ  ᠤᠶᠤᠲᠠᠨ ᠴᠢᠳᠠᠪᠤᠷᠢᠲᠠᠨ ᠢ ᠤᠷᠢᠬᠤ ᠬᠤᠤᠰ ᠰᠤᠩᠭᠤᠯᠲᠠ ᠶᠢᠨ ᠬᠤᠷᠠᠯ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠲᠤᠰ ᠤᠳᠠᠭᠠᠨ ᠤ ᠬᠤᠤᠰ ᠰᠤᠩᠭᠤᠯᠲᠠ ᠶᠢᠨ ᠬᠤᠷᠠᠯ ᠳᠤ ᠨᠡᠶᠢᠲᠡ 125 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠤᠷᠤᠯᠴᠠᠵᠤ᠂ 337 ᠠᠵᠢᠯ ᠤᠨ ᠪᠠᠶᠢᠷᠢ ᠬᠠᠩᠭᠠᠪᠠ᠂ ᠭᠤᠤᠯ ᠨᠢ ᠮᠦᠩᠭᠦᠨ ᠭᠦᠢᠯᠭᠡᠭᠡᠨ ᠤ ᠠᠵᠤ ᠠᠬᠤᠢ᠂ ᠰᠤᠶᠤᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠳᠪᠤᠷᠢᠵᠢᠭᠦᠯᠦᠯᠲᠡ᠂ ᠮᠤᠩᠭᠤᠯ ᠡᠮ ᠡᠮᠨᠡᠯᠭᠡ ᠵᠡᠷᠭᠡ ᠲᠠᠯ᠎ᠠ ᠶᠢᠨ ᠳᠡᠭᠡᠳᠦ ᠳᠡᠰ ᠤᠨ ᠴᠢᠳᠠᠪᠤᠷᠢᠲᠠᠨ᠂ ᠪᠠᠴᠢᠮ ᠬᠡᠷᠡᠭᠴᠡᠭᠡᠲᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠵᠢᠴᠢ ᠤᠨᠴᠠᠭᠠᠢ ᠴᠢᠳᠠᠪᠤᠷᠢᠲᠠᠨ ᠢ 614 ᠨᠡᠷ᠎ᠡ ᠤᠷᠢᠬᠤ ᠪᠤᠯᠤᠨ᠎ᠠ᠃ ᠪᠦᠷᠢᠳᠬᠡᠭᠰᠡᠨ ᠎ ᠢᠶᠠᠷ᠂ ᠲᠤᠰ ᠤᠳᠠᠭᠠᠨ ᠤ ᠬᠤᠤᠰ ᠰᠤᠩᠭᠤᠯᠲᠠ ᠶᠢᠨ ᠬᠤᠷᠠᠯ ᠳᠤ 625 ᠭᠦᠮᠦᠨ ᠤᠳᠠᠭ᠎ᠠ ᠨᠡᠷ᠎ᠡ ᠮᠡᠳᠡᠭᠦᠯᠦᠨ ᠭᠠᠷ ᠤᠨ ᠦᠰᠦᠭ ᠵᠢᠷᠤᠭᠰᠠᠨ ᠪᠠᠶᠢᠨ᠎ᠠ᠃ ᠡᠭᠦᠨ ᠳᠤ᠂ ᠳ᠋ᠣᠺᠲ᠋ᠣᠷᠠᠨᠲ ᠤᠨ ᠰᠤᠳᠤᠯᠬᠤ ᠰᠤᠷᠤᠭᠴᠢ 4 ᠬᠦᠮᠦᠨ ᠤᠳᠠᠭ᠎ᠠ᠂ ᠠᠰᠫᠢᠷᠠᠨᠲ ᠤᠨ ᠰᠤᠳᠤᠯᠬᠤ ᠰᠤᠷᠤᠭᠴᠢ 488 ᠬᠦᠮᠦᠨ ᠤᠳᠠᠭ᠎ᠠ᠂ ᠦᠨᠳᠦᠰᠦᠨ ᠠᠩᠭᠢ ᠶᠢᠨ ᠰᠤᠷᠤᠭᠴᠢ 133 ᠬᠦᠮᠦᠨ ᠤᠳᠠᠭ᠎ᠠ ᠪᠤᠢ᠃      ᠲᠦᠩᠯᠢᠶᠤᠤ ᠬᠤᠲᠠ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠭᠡᠭᠵᠢᠭᠦᠯᠬᠦ︾ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠤᠰᠠᠳᠠ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠴᠢᠳᠠᠪᠤᠷᠢᠲᠠᠨ  ᠤᠷᠢᠬᠤ ᠠᠵᠢᠯ ᠤᠨ ᠲᠠᠯ᠎ᠠ ᠪᠠᠷ ᠤᠷᠢᠳ ᠢᠶᠠᠷ ᠲᠦᠯᠦᠪᠯᠡᠨ ᠳᠠᠷᠠᠭ᠎ᠠ ᠨᠢ ᠬᠦᠳᠡᠯᠵᠦ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠪᠤᠲᠠᠲᠤ ᠪᠠᠶᠢᠳᠠᠯ ᠳᠤ ᠰᠠᠭᠤᠷᠢᠯᠠᠵᠤ᠂ ᠠᠵᠤ ᠠᠬᠤᠢ ᠶᠢᠨ ᠴᠢᠨᠠᠷᠵᠢᠭᠤᠨ ᠬᠦᠭᠵᠢᠯᠲᠡ ᠶᠢᠨ ᠱᠠᠭᠠᠷᠳᠠᠯᠭ᠎ᠠ ᠪᠠ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠲᠠᠪᠤᠨ ᠵᠢᠯ ᠤᠨ ᠲᠤᠷᠰᠢ᠂ ᠪᠦᠬᠦ ᠬᠤᠲᠠ ᠦᠨᠳᠦᠷ ᠰᠤᠷᠤᠯᠭ᠎ᠠ ᠶᠢᠨ ᠨᠠᠮᠲᠠᠷ ᠲᠠᠢ᠂ ᠦᠨᠳᠦᠷ ᠬᠡᠪ ᠪᠤᠯᠪᠠᠰᠤᠷᠠᠯ ᠲᠠᠢ ᠪᠠᠴᠢᠮ ᠬᠡᠷᠡᠭᠴᠡᠭᠡᠲᠦ ᠴᠢᠳᠠᠪᠤᠷᠢᠲᠠᠨ ᠢ ᠨᠡᠶᠢᠲᠡ 3000 ᠰᠢᠬᠠᠮ ᠤᠷᠢᠨ ᠠᠪᠴᠢᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号