ᠰᠢᠯᠢ ᠶᠢᠨ ᠭᠤᠤᠯ ᠠᠶᠢᠮᠠᠭ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠵᠠᠰᠠᠯᠲᠠ ᠶᠢᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2019/11/5
     ᠰᠢᠯᠢ ᠶᠢᠨ ᠭᠤᠤᠯ ᠠᠶᠢᠮᠠᠭ ᠨᠢ ᠲᠡᠭᠡᠭᠡᠪᠦᠷᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠡᠷᠬᠡ ᠶᠢᠨ ᠨᠠᠷᠢᠨ ᠳᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠤᠯᠠᠮ ᠴᠢᠨᠠᠭᠰᠢᠳᠠ ᠵᠢᠷᠤᠮᠵᠢᠭᠤᠯᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠷᠡᠰ ᠤᠨ ᠬᠥᠮᠥᠷᠭᠡ ᠵᠢᠴᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠵᠤ᠂ ︽ᠬᠤᠶᠠᠷ ᠢ ᠲᠠᠰᠢᠷᠠᠮ ᠳᠠᠭᠠᠤ ᠪᠠᠶᠢᠴᠠᠭᠠᠬᠤ︾ ᠰᠤᠭᠤᠴᠢᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ︽ᠳᠠᠯᠳᠠᠭᠤᠷ ᠰᠤᠷᠪᠤᠯᠵᠢᠯᠠᠵᠤ ᠰᠢᠮᠳᠠᠭᠤᠯᠤᠨ ᠪᠠᠶᠢᠴᠠᠭᠠᠬᠤ︾᠂ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠬᠠᠤᠯᠢ ᠠᠴᠠ ᠵᠥᠷᠢᠴᠡᠭᠰᠡᠨ ᠢ ᠵᠠᠰᠠᠬᠤ︾᠂ ᠠᠶᠤᠯ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠶᠢ ᠲᠤᠰᠬᠠᠶ ᠴᠡᠭᠴᠡᠯᠡᠨ ᠵᠠᠰᠠᠬᠤ᠂ ᠮᠠᠰᠢᠨᠲᠤ ᠲᠡᠷᠭᠡ ᠰᠡᠯᠪᠢᠨ ᠵᠠᠰᠠᠬᠤ ᠪᠠ ᠵᠢᠯᠣᠭᠤᠴᠢ ᠶᠢᠨ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠢ ᠲᠤᠰᠬᠠᠶ ᠴᠡᠭᠴᠡᠯᠡᠨ ᠵᠠᠰᠠᠬᠤ᠂ ᠠᠶᠠᠨᠴᠢᠳ ᠤᠨ ᠲᠦᠷᠢᠶᠡᠰᠦᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠤᠰᠬᠠᠶ  ᠴᠡᠭᠴᠡᠯᠡᠨ ᠵᠠᠰᠠᠬᠤ ᠶᠢ ᠦᠷᠨᠢᠭᠦᠯᠪᠡ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ 6915 ᠲᠡᠷᠭᠡ ᠬᠥᠮᠦᠨ ᠤᠳᠠᠭ᠎ᠠ᠂ ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢ 2452 ᠤᠳᠠᠭ᠎ᠠ ᠬᠥᠳᠡᠯᠭᠡᠵᠦ᠂ 3876 ᠮᠠᠰᠢᠨ ᠲᠡᠷᠭᠡ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ 89 ᠮᠠᠰᠢᠨ ᠲᠡᠷᠭᠡ ᠶᠢ ᠪᠠᠶᠢᠴᠠᠭᠠᠨ ᠰᠢᠢᠳᠪᠦᠷᠢᠯᠡᠵᠦ᠂ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠴᠢᠨᠠᠭᠰᠢᠳᠠ ᠴᠡᠪᠡᠷᠰᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号