ᠣᠶᠢᠷ᠎ᠠ ᠳᠤ᠂ ᠬᠠᠮᠢᠶ᠎ᠠ ᠪᠦᠬᠦᠢ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ | ᠲᠠᠨᠢᠯᠴᠠᠭᠤᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠤᠨ | ᠲᠥᠯᠥᠪᠵᠢᠭᠦᠯᠭᠡ ᠶᠢᠨ ᠨᠡᠭᠡᠭᠡᠨ ᠬᠥᠭᠵᠢᠭᠦᠯᠬᠦ ᠶᠠᠰᠤ ᠴᠢᠨᠠᠷ ᠢ ᠦᠨᠡᠯᠡᠨ ᠲᠣᠭᠲᠠᠭᠠᠬᠤ ᠺᠣᠮᠢᠰ ᠤᠨ ᠲᠤᠰᠬᠠᠶ | ᠮᠡᠷᠭᠡᠵᠢᠯᠲᠡᠨ ᠦᠨᠡᠯᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠤᠨ ᠬᠤᠷᠠᠯ ᠢᠶᠠᠷ ᠰᠤᠳᠤᠯᠬᠤ ᠪᠠᠷ ᠳᠠᠮᠵᠢᠨ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠥᠬᠡᠶ ᠲᠤᠯᠠ᠂ | ᠥᠪᠡᠷᠲᠡᠭᠡᠨ ᠵᠠᠰᠠᠬᠤ ᠣᠷᠣᠨ ᠤ 7 ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ 4A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠴᠦ᠂ ᠤᠯᠤᠰ ᠤᠨ 4A | ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠡᠭᠦᠨ ᠳᠤ᠂ ᠪᠠᠶᠠᠨᠨᠠᠭᠤᠷ ᠬᠤᠲᠠ ᠶᠢᠨ | ᠦᠵᠡᠮᠵᠢ ᠶᠢᠨ ᠣᠷᠣᠨ — — ᠥᠪᠥᠷ ᠮᠣᠩᠭᠤᠯ ᠤᠨ ᠦᠶᠤᠸᠠᠨ ᠤ ᠶᠠᠫᠣᠨ ᠢ ᠡᠰᠡᠷᠭᠦᠴᠡᠭᠰᠡᠨ ᠲᠠᠶᠢᠨ ᠤ | ᠳᠤᠷᠠᠰᠬᠠᠯ ᠤᠨ ᠬᠦᠷᠢᠶᠡᠯᠡᠩ ᠤᠨ ᠵᠢᠭᠤᠯᠴᠢᠯᠠᠯ ᠤᠨ ᠣᠷᠣᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠤ ᠪᠠᠷᠢᠮᠵᠢᠶ᠎ᠠ ᠳᠤ ᠬᠦᠷᠴᠦ᠂ ᠤᠯᠤᠰ ᠤᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ | ᠦᠨᠡᠯᠡᠭᠳᠡᠪᠡ᠃ | ᠥᠪᠥᠷ ᠮᠣᠩᠭᠤᠯ ᠤᠨ ᠦᠶᠤᠸᠠᠨ ᠤ ᠶᠠᠫᠣᠨ ᠢ ᠡᠰᠡᠷᠭᠦᠴᠡᠬᠦ ᠲᠠᠶᠢᠨ ᠤ ᠳᠤᠷᠠᠰᠬᠠᠯ ᠤᠨ ᠬᠦᠷᠢᠶᠡᠯᠡᠩ ᠤᠨ | ᠵᠢᠭᠤᠯᠴᠢᠯᠠᠯ ᠤᠨ ᠣᠷᠣᠨ ᠪᠣᠯ ᠦᠶᠤᠸᠠᠨ ᠰᠢᠶᠠᠨ ᠤ ᠪᠣᠷᠣᠲᠣᠬᠤᠶ ᠶᠢᠨ ᠲᠠᠷᠢᠶᠠᠯᠠᠭ᠎ᠠ ᠶᠢᠨ ᠰᠣᠶᠣᠯ ᠤᠨ | ᠦᠵᠡᠰᠬᠦᠯᠡᠩ ᠤᠨ ᠬᠦᠷᠢᠶᠡᠯᠡᠩ ᠤᠨ ᠳᠠᠷᠠᠭ᠎ᠠ ᠦᠨᠡᠯᠡᠭᠳᠡᠭᠰᠡᠨ ᠬᠤᠶᠠᠳᠠᠭᠢ ᠤᠯᠤᠰ ᠤᠨ 4A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ᠎ᠠ᠂ ᠮᠥᠨᠴᠦ 2019 ᠣᠨ ᠤ ᠪᠠᠶᠠᠨᠨᠠᠭᠤᠷ ᠬᠤᠲᠠ ᠶᠢᠨ ᠴᠣᠷ ᠤᠨ | ᠭᠠᠭᠴᠠ ᠰᠢᠯᠭᠠᠨ ᠦᠨᠡᠯᠡᠭᠳᠡᠭᠰᠡᠨ ᠤᠯᠤᠰ ᠤᠨ 4A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ᠎ᠠ᠃ | | |