︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠠᠵᠤ ᠠᠬᠤᠶᠢᠯᠠᠯ ᠤᠨ ᠳᠠᠭᠠᠭᠠᠮᠠᠯ ᠤᠨ ᠬᠠᠮᠢᠶᠠᠷᠤᠯᠲᠠ ᠶᠢᠨ ᠳᠦᠷᠢᠮ ︵ᠲᠤᠷᠰᠢᠨ  ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/11/5

                   ᠥᠪᠥᠷ ᠵᠠᠰᠠᠭ ᠠᠯᠪᠠᠨ ᠲᠠᠷᠬᠠᠭᠠᠭᠰᠠᠨ ﹇2019﹈ 17 ᠳ᠋ᠤᠭᠠᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄
     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠤᠨ ᠬᠠᠮᠢᠶᠠᠷᠤᠯᠲᠠ ᠶᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃


        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷᠯᠢᠭ ᠪᠠ
        ᠲᠡᠮᠦᠷᠯᠢᠭ ᠪᠤᠰᠣ ᠠᠭᠤᠷᠬᠠᠶ ᠶᠢᠨ ᠠᠵᠤ ᠠᠬᠤᠶᠢᠯᠠᠯ ᠤᠨ ᠳᠠᠭᠠᠭᠠᠮᠠᠯ ᠤᠨ
        ᠬᠠᠮᠢᠶᠠᠷᠤᠯᠲᠠ ᠶᠢᠨ ᠳᠦᠷᠢᠮ ︵ᠲᠤᠷᠰᠢᠨ ᠬᠡᠷᠡᠭᠵᠢᠭᠦᠯᠬᠦ︶


    ᠨᠢᠭᠡᠳᠦᠭᠡᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠦᠢᠯᠡᠳᠪᠦᠷᠢᠯᠡᠬᠦ ᠠᠶᠤᠯ ᠦᠭᠡᠢ ᠶᠢᠨ ᠲᠠᠯ᠎ᠠ ᠪᠠᠷ ᠬᠢ ᠡ᠊ᠨᠳᠡᠯ ᠢ ᠰᠡᠷᠭᠡᠶᠢᠯᠡᠬᠦ ᠪᠠ ᠪᠠᠭᠠᠰᠬᠠᠵᠤ᠂ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠦᠭᠡᠢ ᠬᠠᠮᠢᠶᠠᠷᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃
     ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠣᠮᠣ ᠳᠤᠮᠳᠠ ᠬᠡᠯᠪᠡᠷᠢ ᠶᠢᠨ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ︵ᠤᠯᠤᠰ ᠤᠨ ᠥᠮᠴᠢᠯᠡᠯᠳᠤ ᠪᠤᠶᠤ ᠤᠯᠤᠰ ᠤᠨ ᠥᠮᠴᠢᠯᠡᠯᠳᠤ ᠬᠤᠪᠢ ᠡᠵᠡᠮᠳᠡᠭᠰᠡᠨ ᠠᠵᠤ ᠠᠬᠤᠶᠢᠯᠠᠯ ᠪᠠᠭᠲᠠᠬᠤ ᠥᠬᠡᠶ︶ ᠤᠨ ᠳᠠᠭᠠᠭᠠᠮᠠᠯ ᠢ ᠤᠷᠢᠨ ᠲᠣᠮᠢᠯᠠᠬᠤ ᠪᠠ ᠬᠠᠮᠢᠶᠠᠷᠬᠤ ᠳᠤ ᠲᠤᠰ ᠳᠦᠷᠢᠮ ᠢ ᠲᠣᠬᠢᠷᠠᠭᠤᠯᠤᠨ ᠬᠡᠷᠡᠭᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠤᠭᠲᠠᠭᠠᠯ ᠲᠠᠢ ᠪᠣᠯ ᠲᠡᠷᠡ ᠬᠦ ᠲᠤᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃
     ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠭᠡᠳᠡᠭ ᠨᠢ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠬᠠᠷᠢᠭᠤᠴᠠᠯᠭ᠎ᠠ ᠡᠭᠦᠷᠭᠡᠯᠡᠬᠦ ᠬᠦᠮᠦᠨ ᠢ ᠵᠢᠭᠠᠵᠤ ᠪᠣᠶ᠂ ᠡᠭᠦᠨ ᠳᠤ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠶᠡᠷᠦᠩᠬᠡᠢ ᠳᠠᠭᠠᠭᠠᠮᠠᠯ ᠪᠤᠶᠤ ᠠᠭᠤᠷᠬᠠᠢ ᠶᠢᠨ ᠳᠠᠷᠤᠭ᠎ᠠ ᠪᠠᠭᠲᠠᠨ᠎ᠠ᠃
     ᠲᠤᠰ ᠳᠦᠷᠢᠮ ᠳᠤ ᠬᠡᠯᠡᠵᠦ ᠪᠠᠶᠢᠭ᠎ᠠ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠠᠵᠤ ᠠᠬᠤᠶᠢᠯᠠᠯ ᠭᠡᠳᠡᠭ ᠨᠢ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠮᠠᠯᠲᠠᠬᠤ ᠠᠵᠢᠯᠯᠠᠭ᠎ᠠ ᠬᠢᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠵᠢᠭᠠᠵᠤ ᠪᠠᠶᠢᠨ᠎ᠠ᠃
     ᠳᠥᠷᠪᠡᠳᠦᠭᠡᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠢ ᠤᠷᠢᠨ ᠲᠣᠮᠢᠯᠠᠬᠤ ᠪᠠ ᠬᠠᠮᠢᠶᠠᠷᠬᠤ ᠳᠤ ᠳᠣᠣᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄
     ︵ᠨᠢᠭᠡ︶ ᠬᠠᠤᠯᠢ ᠶᠣᠰᠣᠭᠠᠷ ᠰᠣᠩᠭᠤᠬᠤ᠂ ᠭᠡᠷ᠎ᠡ ᠪᠠᠷ ᠬᠠᠮᠢᠶᠠᠷᠬᠤ ᠵᠠᠷᠴᠢᠮ ᠢ ᠪᠠᠷᠢᠮᠲᠠᠯᠠᠬᠤ ᠬᠡᠷᠡᠭᠲᠡᠢ︔
     ︵ᠬᠤᠶᠠᠷ︶ ᠠᠷᠠᠳᠴᠢᠯᠠᠯ ᠲᠠᠢ᠂ ᠢᠯᠡ ᠲᠤᠳᠤ᠂ ᠥᠷᠢᠰᠦᠯᠳᠦᠭᠡᠨ ᠲᠠᠢ᠂ ᠰᠢᠯᠢᠳᠡᠭ ᠢ ᠨᠢ ᠰᠣᠩᠭᠤᠬᠤ ᠵᠠᠷᠴᠢᠮ ᠢ ᠪᠠᠷᠢᠮᠲᠠᠯᠠᠬᠤ ᠬᠡᠷᠡᠭᠲᠡᠢ︔
     ︵ᠭᠤᠷᠪᠠ︶ ᠡᠷᠬᠡ ᠠᠰᠢᠭ ᠬᠢᠭᠡᠳ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ ᠤᠷᠮᠠᠰᠢᠭᠤᠯᠬᠤ ᠬᠢᠭᠡᠳ ᠬᠢᠨᠠᠯᠲᠠ ᠲᠠᠯᠪᠢᠬᠤ ᠶᠢ ᠵᠡᠷᠭᠡ ᠳᠤ ᠨᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ︔
     ︵ᠳᠥᠷᠪᠡ︶ ᠵᠠᠩ ᠰᠤᠷᠲᠠᠯ ᠢ ᠴᠢᠬᠤᠯᠠᠴᠢᠯᠠᠬᠤ᠂ ᠴᠢᠳᠠᠪᠤᠷᠢ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃
     ᠲᠠᠪᠤᠳᠤᠭᠠᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠨᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄
     ︵ᠨᠢᠭᠡ︶ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠪᠣᠯᠤᠨ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠪᠠᠶᠢᠬᠤ᠂ ᠡᠰᠡᠬᠦᠯ᠎ᠡ ᠨᠡᠭᠦᠷᠡᠰᠦᠨ ᠤ ᠪᠤᠰᠤ ᠠᠭᠤᠷᠬᠠᠢ ᠶᠢᠨ ᠲᠦᠷᠦᠯ ᠢᠶᠠᠷ ᠳᠠᠩᠰᠠᠯᠠᠭᠤᠯᠤᠭᠰᠠᠨ ᠠᠶᠤᠯ ᠦᠭᠡᠢ ᠶᠢᠨ ᠢᠨᠵᠧᠨᠧᠷ ᠤᠨ ᠠᠵᠢᠯ ᠡᠷᠬᠢᠯᠡᠬᠦ ᠬᠢᠷᠢ ᠬᠡᠮ ᠲᠠᠢ ᠪᠥᠭᠡᠳ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠢᠯ ᠢ 8 ᠵᠢᠯ ᠠᠴᠠ ᠳᠡᠭᠡᠭᠰᠢ ᠬᠢᠭᠰᠡᠨ ᠪᠤᠶᠤ ᠶᠡᠷᠦᠩᠬᠡᠢ ᠢᠨᠵᠧᠨᠧᠷ᠂ ᠦᠢᠯᠡᠳᠪᠦᠷᠢᠯᠡᠯ ᠤᠨ ᠳᠡᠳ᠋ ᠳᠠᠭᠠᠭᠠᠮᠠᠯ᠂ ᠠᠶᠤᠯ ᠦᠭᠡᠢ ᠶᠢᠨ ᠳᠡᠳ᠋ ᠳᠠᠭᠠᠭᠠᠮᠠᠯ ᠵᠡᠷᠭᠡ ᠲᠤᠰᠢᠶᠠᠯ ᠢ 3 ᠵᠢᠯ ᠠᠴᠠ ᠳᠡᠭᠡᠭᠰᠢ ᠦᠷᠭᠦᠯᠵᠢᠯᠡᠨ ᠡᠭᠦᠷᠭᠡᠯᠡᠵᠣ ᠥᠩᠭᠡᠷᠡᠭᠰᠡᠨ ᠪᠠᠶᠢᠬᠤ ᠬᠡᠷᠡᠭᠲᠡᠢ᠃
     ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠠᠵᠢᠯ ᠢ 5 ᠵᠢᠯ ᠠᠴᠠ ᠳᠡᠭᠡᠭᠰᠢ ᠬᠢᠭᠰᠡᠨ ᠪᠥᠭᠡᠳ ᠲᠤᠰ ᠠᠵᠤ ᠠᠬᠤᠶᠢᠯᠠᠯ ᠤᠨ ᠳᠠᠭᠠᠭᠠᠮᠠᠯ ᠤᠨ ᠠᠵᠢᠯ ᠤᠨ ᠪᠠᠶᠢᠷᠢᠨ ᠳᠤ 2 ᠵᠢᠯ ᠠᠴᠠ ᠳᠡᠭᠡᠭᠰᠢ ᠲᠤᠰᠢᠶᠠᠯ ᠬᠠᠷᠢᠭᠤᠴᠠᠵᠤ᠂ ᠦᠢᠯᠡᠳᠦᠯᠭᠡ ᠶᠢᠨ ᠲᠤᠷᠰᠢᠯᠭ᠎ᠠ ᠪᠠᠶᠠᠯᠢᠭ᠂ ᠬᠠᠮᠢᠶᠠᠷᠬᠤ ᠴᠢᠳᠠᠪᠤᠷᠢ ᠨᠡᠯᠢᠶᠡᠳ ᠴᠢᠩᠭ᠎ᠠ᠂ ᠠᠵᠢᠯ ᠤᠨ ᠠᠮᠵᠢᠯᠲᠠ ᠪᠠᠷ ᠨᠡᠯᠢᠶᠡᠳ ᠲᠣᠪᠤᠶᠢᠮ᠎ᠠ ᠪᠠᠶᠢᠪᠠᠯ᠂ ᠲᠤᠰᠬᠠᠶ ᠮᠡᠷᠭᠡᠵᠢᠯ᠂ ᠰᠤᠷᠤᠯᠴᠠᠭᠰᠠᠨ ᠨᠠᠮᠲᠠᠷ ᠵᠢᠴᠢ ᠮᠡᠷᠭᠡᠵᠢᠯ ᠤᠨ ᠴᠣᠯᠠ ᠳᠤ ᠬᠢᠵᠠᠭᠠᠷᠯᠠᠭᠳᠠᠬᠤ ᠦᠭᠡᠢ ᠪᠠᠶᠢᠵᠤ ᠪᠣᠯᠤᠨ᠎ᠠ᠃
     ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠯᠢᠳᠡᠭ ᠠᠵᠤ ᠠᠬᠤᠶᠢᠯᠠᠯᠲᠠᠨ ᠤ ᠢᠷᠠᠭᠤ ᠠᠯᠳᠠᠷ ᠢ ᠬᠦᠷᠲᠡᠭᠰᠡᠨ ᠪᠤᠶᠤ ᠪᠤᠰᠤᠳ ᠠᠵᠢᠯ ᠲᠥᠷᠥᠯ ᠤᠨ ᠠᠵᠤ ᠠᠬᠤᠶᠢᠯᠠᠯ ᠤᠨ ᠳᠠᠭᠠᠭᠠᠮᠠᠯ ᠤᠨ ᠠᠵᠢᠯ ᠤᠨ ᠪᠠᠶᠢᠷᠢᠨ ᠳᠤ ᠲᠣᠪᠤᠶᠢᠮ᠎ᠠ ᠠᠵᠢᠯ ᠤᠨ ᠠᠮᠵᠢᠯᠲᠠ ᠭᠠᠷᠭᠠᠭᠰᠠᠨ ᠪᠠᠶᠢᠪᠠᠯ᠂ ᠲᠤᠰᠢᠶᠠᠯ ᠡᠭᠦᠷᠭᠡᠯᠡᠬᠦ ᠬᠢᠷᠢ ᠬᠡᠮ ᠤᠨ ᠨᠥᠬᠦᠴᠡᠯ ᠢ ᠨᠢ ᠵᠣᠬᠢᠰᠲᠠᠶ ᠪᠠᠷ ᠠᠭᠤᠵᠢᠭᠤ ᠲᠠᠯᠪᠢᠵᠤ ᠪᠣᠯᠤᠨ᠎ᠠ︔
     ︵ᠬᠤᠶᠠᠷ︶ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠣᠯᠣᠨ ᠳᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠲᠠᠯ᠎ᠠ ᠪᠠᠷ ᠬᠢ ᠤᠯᠤᠰ ᠤᠨ ᠵᠢᠴᠢ ᠠᠵᠢᠯ ᠲᠥᠷᠥᠯ ᠤᠨ ᠪᠠᠷᠢᠮᠵᠢᠶ᠎ᠠ ᠶᠢ ᠰᠠᠶᠢᠨ ᠮᠡᠳᠡᠬᠦ ᠬᠡᠷᠡᠭᠲᠡᠢ︔
     ︵ᠭᠤᠷᠪᠠ︶ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠲᠤᠰᠬᠠᠢ ᠮᠡᠷᠭᠡᠵᠢᠯ ᠤᠨ ᠮᠡᠳᠡᠯᠭᠡ ᠶᠢ ᠡᠵᠡᠮᠰᠢᠵᠦ᠂ ᠨᠡᠯᠢᠶᠡᠳ ᠴᠢᠩᠭ᠎ᠠ ᠬᠠᠮᠢᠶᠠᠷᠬᠤ ᠴᠢᠳᠠᠪᠤᠷᠢ ᠪᠤᠯᠤᠨ ᠪᠣᠳᠠᠲᠠᠢ ᠠᠵᠢᠯ ᠤᠨ ᠲᠤᠷᠰᠢᠯᠭ᠎ᠠ ᠪᠠᠷ ᠪᠠᠶᠠᠯᠢᠭ ᠪᠠᠶᠢᠵᠤ᠂ ᠠᠳᠡᠯ ᠤᠨ ᠠᠬᠤᠢ ᠲᠠᠯᠠᠪᠠᠢ ᠳᠠᠬᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠪᠤᠷᠠᠨ ᠲᠤᠰᠠᠯᠠᠵᠤ ᠵᠢᠯᠣᠭᠤᠳᠬᠤ᠂ ᠵᠣᠬᠢᠶᠠᠨ ᠪᠠᠶᠢᠭᠤᠯᠵᠣ ᠵᠣᠬᠢᠴᠠᠭᠤᠯᠬᠤ ᠴᠢᠳᠠᠪᠤᠷᠢ ᠶᠢ ᠪᠦᠷᠢᠳᠦᠭᠦᠯᠦᠭᠰᠡᠨ ᠪᠥᠭᠡᠳ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ ᠪᠠᠶᠢᠬᠤ ᠬᠡᠷᠡᠭᠲᠡᠢ︔
     ︵ᠳᠥᠷᠪᠡ︶ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠶᠣᠰᠣ ᠮᠣᠷᠠᠯ᠂ ᠠᠵᠢᠯ ᠡᠷᠬᠢᠯᠡᠬᠦ ᠬᠡᠪ ᠪᠣᠯᠪᠠᠰᠤᠷᠠᠯ ᠪᠤᠯᠤᠨ ᠬᠤᠪᠢ ᠬᠥᠮᠦᠨ ᠤ ᠢᠲᠡᠭᠡᠮᠵᠢ ᠪᠠᠷ ᠰᠠᠶᠢᠨ ᠪᠠᠶᠢᠬᠤ ᠬᠡᠷᠡᠭᠲᠡᠢ︔
     ︵ᠲᠠᠪᠤ︶ ᠦᠢᠯᠡᠳᠪᠦᠷᠢᠯᠡᠯ ᠤᠨ ᠠᠬᠤᠢ ᠲᠠᠯᠠᠪᠠᠢ ᠳᠤ ᠭᠦᠨᠵᠡᠭᠡᠶᠢᠷᠡᠭᠦ᠂ ᠤᠳᠤᠷᠢᠳᠤᠯᠭ᠎ᠠ ᠶᠢᠨ ᠵᠢᠵᠢᠭᠦᠷᠯᠡᠬᠦ ᠪᠠ ᠵᠢᠵᠢᠭᠦᠷ ᠤᠨ ᠡᠭᠡᠯᠵᠢ ᠳᠠᠭᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠶᠢ ᠬᠡᠪ ᠤᠨ ᠪᠠᠶᠢᠳᠠᠯ ᠢᠶᠠᠷ ᠭᠦᠢᠴᠡᠳᠭᠡᠬᠦ ᠪᠡᠶ᠎ᠡ ᠮᠠᠬᠠᠪᠤᠳ ᠤᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ︔
     ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃
     ᠵᠢᠷᠭᠤᠳᠤᠭᠠᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠳᠣᠣᠷᠠᠬᠢ ᠡᠷᠬᠡ ᠶᠢ ᠡᠳ᠋ᠯᠡᠬᠦ ᠪᠤᠯᠤᠨ᠎ᠠ᠄
     ︵ᠨᠢᠭᠡ︶ ᠠᠵᠤ ᠠᠬᠤᠶᠢᠯᠠᠯ ᠤᠨ ᠠᠶᠤᠯ ᠦᠭᠡᠢ ᠶᠢᠨ ᠬᠠᠮᠢᠶᠠᠷᠤᠯᠲᠠ᠂ ᠦᠢᠯᠡᠳᠪᠦᠷᠢᠯᠡᠯ ᠤᠨ ᠮᠡᠷᠭᠡᠵᠢᠯ᠂ ᠪᠡᠯᠡᠳᠭᠡᠮᠵᠢ ᠲᠥᠬᠦᠭᠡᠷᠦᠮᠵᠢ᠂ ᠵᠢᠯᠣᠭᠤᠳᠤᠨ ᠲᠣᠬᠢᠷᠠᠭᠤᠯᠬᠤ ᠵᠡᠷᠭᠡ ᠴᠢᠬᠤᠯᠠ ᠶᠡᠭᠡ ᠵᠦᠢᠯᠡᠰ ᠲᠤ ᠰᠢᠢᠳᠪᠦᠷᠢᠳᠦ ᠪᠣᠳᠣᠯᠭ᠎ᠠ ᠲᠤᠭᠲᠠᠭᠠᠨ᠎ᠠ︔
     ︵ᠬᠤᠶᠠᠷ︶ ᠠᠵᠤ ᠠᠬᠤᠶᠢᠯᠠᠯ ᠤᠨ ᠠᠶᠤᠯ ᠦᠭᠡᠢ᠂ ᠦᠢᠯᠡᠳᠪᠦᠷᠢᠯᠡᠯ᠂ ᠮᠡᠷᠭᠡᠵᠢᠯ᠂ ᠪᠡᠯᠡᠳᠭᠡᠮᠵᠢ ᠵᠡᠷᠭᠡ ᠡᠭᠦᠷᠭᠡ ᠴᠢᠳᠠᠪᠤᠷᠢᠲᠤ ᠪᠠᠶᠢᠭᠤᠯᠤᠮᠵᠢ ᠪᠠᠶᠢᠭᠤᠯᠬᠤ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠠᠶᠤᠯ ᠦᠭᠡᠢ᠂ ᠦᠢᠯᠡᠳᠪᠦᠷᠢᠯᠡᠯ᠂ ᠮᠡᠷᠭᠡᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠳᠡᠳ᠋ ᠳᠠᠭᠠᠭᠠᠮᠠᠯ ᠵᠢᠴᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠯᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯᠲᠠᠨ ᠢ ᠤᠷᠢᠨ ᠬᠡᠷᠡᠭᠯᠡᠬᠦ᠂ ᠠᠵᠢᠯ ᠠᠴᠠ ᠨᠢ ᠪᠠᠭᠤᠯᠭᠠᠬᠤ ᠪᠠ ᠲᠣᠬᠢᠷᠠᠭᠤᠯᠤᠯᠲᠠ ᠬᠢᠵᠦ᠂ ᠠᠵᠢᠯ ᠤᠨ ᠪᠠᠶᠢᠷᠢ ᠶᠢᠨ ᠠᠮᠵᠢᠯᠲᠠ ᠪᠦᠲᠦᠮᠵᠢ ᠶᠢᠨ ᠬᠠᠷᠠᠯᠲᠠ ᠪᠣᠯᠣᠨ ᠴᠠᠯᠢᠩ ᠣᠯᠭᠤᠮᠵᠢ ᠶᠢᠨ ᠪᠠᠷᠢᠮᠵᠢᠶ᠎ᠠ ᠶᠢ ᠲᠣᠭᠲᠠᠭᠠᠬᠤ᠂ ᠰᠢᠯᠭᠠᠨ ᠬᠢᠨᠠᠬᠤ ᠪᠠ ᠣᠯᠭᠤᠨ᠂ ᠱᠠᠩᠨᠠᠵᠤ ᠵᠠᠯᠬᠠᠭᠠᠬᠤ ᠵᠡᠷᠭᠡ ᠵᠦᠢᠯᠡᠰ ᠢ ᠲᠤᠭᠲᠠᠭᠠᠨ᠎ᠠ︔
     ︵ᠭᠤᠷᠪᠠ︶ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠪᠤᠯᠤᠨ ᠠᠶᠤᠯ ᠦᠭᠡᠢ ᠶᠢᠨ ᠬᠠᠮᠢᠶᠠᠷᠤᠯᠲᠠ ᠶᠢ ᠪᠠᠲᠤᠯᠠᠬᠤ ᠳᠤ ᠬᠡᠷᠡᠭᠯᠡᠬᠦ ᠡᠯ᠎ᠡ ᠵᠦᠢᠯ ᠤᠨ ᠵᠠᠷᠤᠳᠠᠯ ᠢ ᠲᠣᠭᠲᠠᠭᠠᠵᠤ ᠡᠵᠡᠮᠳᠡᠨ᠎ᠠ︔
     ︵ᠳᠥᠷᠪᠡ︶ ᠠᠵᠤ ᠠᠬᠤᠶᠢᠯᠠᠯ ᠤᠨ ᠳᠠᠭᠠᠭᠠᠴᠢᠯᠠᠭᠴᠢ᠂ ᠲᠦᠷᠢᠶᠡᠰᠦᠯᠡᠭᠴᠢ ᠪᠣᠯᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠲᠠᠯ᠎ᠠ ᠯᠤᠭ᠎ᠠ ᠬᠠᠮᠢᠶ᠎ᠠ ᠪᠦᠬᠦᠢ ᠭᠡᠷ᠎ᠡ ︵ᠵᠥᠪᠯᠡᠯᠴᠡᠭᠡᠷ︶ ᠲᠣᠭᠲᠠᠭᠠᠬᠤ ᠪᠤᠶᠤ ᠭᠡᠷ᠎ᠡ ︵ᠵᠥᠪᠯᠡᠯᠴᠡᠭᠡᠷ︶ ᠢ ᠬᠦᠴᠦᠨ ᠥᠬᠡᠶ ᠪᠣᠯᠭᠠᠬᠤ ᠶᠢ ᠲᠤᠭᠲᠠᠭᠠᠵᠤ᠂ ᠬᠠᠮᠢᠶ᠎ᠠ ᠪᠦᠬᠦᠢ ᠲᠠᠯ᠎ᠠ ᠶᠢᠨ ᠬᠢᠨ ᠢ ᠲᠤᠰ ᠠᠵᠤ ᠠᠬᠤᠶᠢᠯᠠᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠵᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠲᠠᠯ᠎ᠠ ᠶᠢᠨ ᠬᠢᠨ ᠤ ᠠᠶᠤᠯ ᠦᠭᠡᠢ ᠶᠢᠨ ᠬᠠᠮᠢᠶᠠᠷᠤᠯᠲᠠ ᠪᠣᠯᠤᠨ ᠰᠢᠯᠭᠠᠨ ᠬᠢᠨᠠᠬᠤ ᠶᠢ ᠴᠢᠩᠭᠠᠳᠬᠠᠨ᠎ᠠ︔
     ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠷᠬᠡ᠃

     ᠳᠣᠯᠣᠳᠤᠭᠠᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠨᠢ ᠤᠷᠢᠨ ᠲᠤᠮᠢᠯᠠᠭᠰᠠᠨ ᠳᠠᠭᠠᠭᠠᠮᠠᠯ ᠲᠠᠢ ᠭᠡᠷ᠎ᠡ ︵ᠵᠥᠪᠯᠡᠯᠴᠡᠭᠡᠷ︶ ᠲᠣᠭᠲᠠᠵᠤ᠂ ᠬᠤᠶᠠᠷ ᠲᠠᠯ᠎ᠠ ᠶᠢᠨ ᠡᠷᠬᠡ ᠠᠰᠢᠭ᠂ ᠡᠭᠦᠷᠭᠡ ᠪᠣᠯᠤᠨ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃
     ᠨᠠᠢᠮᠠᠳᠤᠭᠠᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠶ ᠶᠢᠨ ᠠᠵᠤ ᠠᠬᠤᠶᠢᠯᠠᠯ ᠤᠨ ᠬᠤᠪᠢ ᠡᠵᠡᠮᠳᠡᠭᠰᠡᠨ ᠬᠤᠪᠢ ᠣᠷᠣᠭᠤᠯᠤᠭᠴᠢ ᠪᠤᠶᠤ ᠪᠣᠳᠠᠲᠠᠶ ᠡᠵᠡᠮᠳᠡᠭᠴᠢ ᠨᠢ ᠤᠷᠢᠨ ᠲᠤᠮᠢᠯᠠᠭᠰᠠᠨ ᠳᠠᠭᠠᠭᠠᠮᠠᠯ ᠳᠤ ᠠᠵᠢᠯ ᠤᠨ ᠰᠠᠶᠢᠨ ᠰᠠᠶᠢᠬᠠᠨ ᠨᠥᠬᠦᠴᠡᠯ ᠬᠠᠩᠭᠠᠵᠤ᠂ ᠲᠤᠰ ᠳᠦᠷᠢᠮ ᠳᠤ ᠲᠣᠭᠲᠠᠭᠠᠭᠰᠠᠨ ᠡᠷᠬᠡ ᠠᠰᠢᠭ ᠢ ᠣᠯᠭᠤᠵᠤ᠂ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠶᠢ ᠨᠢ ᠪᠠᠲᠤᠯᠠᠬᠤ ᠬᠡᠷᠡᠭᠲᠡᠶ᠃
     ᠶᠢᠰᠦᠳᠦᠭᠡᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠨ ᠵᠠᠰᠠᠭ ᠵᠠᠬᠢᠷᠭᠠᠨ ᠤ ᠬᠦᠨᠳᠦ ᠶᠡᠭᠡ ᠰᠢᠢᠳᠭᠡᠯ ᠣᠯᠤᠭᠰᠠᠨ ᠪᠤᠶᠤ ᠲᠤᠰᠢᠶᠠᠯ ᠭᠦᠢᠴᠡᠳᠬᠡᠬᠦ ᠨᠥᠬᠦᠴᠡᠯ ᠢᠶᠠᠨ ᠠᠯᠳᠠᠭᠰᠠᠨ ᠪᠣᠯ᠂ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠨᠢ ᠲᠡᠭᠦᠨ ᠲᠠᠢ ᠤᠷᠢᠨ ᠲᠤᠮᠢᠯᠠᠬᠤ ᠬᠠᠷᠢᠴᠠᠭ᠎ᠠ ᠪᠠᠨ ᠬᠦᠴᠦᠨ ᠦᠭᠡᠢ ᠪᠣᠯᠭᠠᠬᠤ ᠬᠡᠷᠡᠭᠲᠡᠢ᠃
    ᠠᠷᠪᠠᠳᠤᠭᠠᠷ ᠵᠦᠢᠯ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠨᠢ ᠳᠠᠭᠠᠭᠠᠮᠠᠯ ᠢ ᠤᠷᠢᠨ ᠲᠤᠮᠢᠯᠠᠭᠰᠠᠨ 10 ᠡᠳᠦᠷ ᠤᠨ ᠳᠣᠲᠣᠷ᠎ᠠ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠰᠡᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠮᠡᠳᠡᠭᠦᠯᠵᠦ᠂ ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠳᠠᠭᠠᠭᠠᠮᠠᠯ ᠤᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃
    ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ᠂ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠢ᠃ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠨᠢ ᠲᠤᠰ ᠳᠦᠷᠢᠮ ᠤᠨ ᠱᠠᠭᠠᠷᠳᠠᠯᠭ᠎ᠠ ᠶᠣᠰᠣᠭᠠᠷ ᠳᠠᠭᠠᠭᠠᠮᠠᠯ ᠤᠷᠢᠵᠤ ᠲᠤᠮᠢᠯᠠᠭᠰᠠᠨ ᠦᠭᠡᠢ ᠪᠤᠶᠤ ᠤᠷᠢᠵᠤ ᠲᠤᠮᠢᠯᠠᠭᠰᠠᠨ ᠳᠠᠭᠠᠭᠠᠮᠠᠯ ᠨᠢ ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠬᠦ ᠦᠭᠡᠢ ᠪᠣᠯ᠂ ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠢ᠃
     ᠠᠷᠪᠠᠨ ᠬᠤᠶᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠭᠡᠳᠡᠭ ᠨᠢ ᠠᠭᠤᠷᠬᠠᠢ ᠮᠠᠯᠲᠠᠬᠤ᠂ ᠮᠠᠰᠢᠨ᠂ ᠴᠠᠬᠢᠯᠭᠠᠨ᠂ ᠰᠠᠯᠬᠢ ᠨᠡᠪᠲᠡᠷᠡᠭᠦᠯᠬᠦ᠂ ᠭᠠᠵᠠᠷ ᠰᠢᠨᠵᠢᠯᠡᠭᠡᠨ᠂ ᠠᠭᠤᠷᠬᠠᠢ ᠰᠢᠯᠢᠬᠦ ᠪᠠ ᠠᠶᠤᠯ ᠦᠭᠡᠢ ᠢᠨᠵᠧᠨᠧᠷᠢᠩ ᠵᠡᠷᠭᠡ ᠲᠤᠰᠬᠠᠢ ᠮᠡᠷᠭᠡᠵᠢᠯ ᠢ ᠵᠢᠭᠠᠵᠤ ᠪᠣᠶ᠃
     ᠠᠷᠪᠠᠨ ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠲᠣᠮᠣ ᠳᠤᠮᠳᠠ ᠬᠡᠯᠪᠡᠷᠢ ᠶᠢᠨ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠬᠡᠪᠴᠢᠶ᠎ᠡ ᠪᠠᠷᠢᠮᠵᠢᠶ᠎ᠠ ᠶᠢ ᠤᠤᠯ ᠤᠨ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ︽ᠬᠡᠰᠡᠭ ᠠᠭᠤᠷᠬᠠᠢ ᠶᠢᠨ ᠲᠥᠷᠥᠯ ᠤᠨ ᠠᠭᠤᠷᠬᠠᠢ ᠶᠢᠨ ᠦᠢᠯᠡᠳᠪᠦᠷᠢᠯᠡᠵᠣ ᠪᠦᠲᠦᠭᠡᠨ ᠪᠠᠶᠢᠭᠤᠯᠬᠤ ᠬᠡᠪᠴᠢᠶ᠎ᠡ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ︾ ︵ᠤᠯᠤᠰ ᠤᠨ ᠭᠠᠵᠠᠷ ᠰᠢᠷᠣᠢ ᠡᠬᠢ ᠪᠠᠶᠠᠯᠢᠭ ᠲᠠᠷᠬᠠᠭᠠᠭᠰᠠᠨ ﹇2004﹈ 208 ᠳ᠋ᠤᠭᠠᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃
     ᠠᠷᠪᠠᠨ ᠳᠥᠷᠪᠡᠳᠦᠭᠡᠷ ᠵᠦᠢᠯ ᠲᠤᠰ ᠳᠦᠷᠢᠮ ᠢ 2019 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
                                             ︵ᠲᠤᠰ ᠪᠢᠴᠢᠭ ᠮᠠᠲ᠋ᠧᠷᠢᠶᠠᠯ ᠢ ᠢᠯᠠ ᠨᠡᠶᠢᠲᠡᠯᠡᠨ᠎ᠡ︶



ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ