ᠠᠯᠠᠱᠠ ᠶᠢᠨ ᠳᠡᠭᠡᠳᠦ ᠰᠢᠨ᠎ᠡ ᠲᠣᠭᠤᠷᠢᠭ ᠠᠩᠬᠠᠳᠠᠭᠴᠢ ᠪᠦᠯᠦᠭ ᠰᠢᠨ᠎ᠡ ᠡᠨᠧᠷᠭᠢ ᠶᠢᠨ ᠮᠠᠰᠢᠨ ᠲᠡᠷᠭᠡ ᠎ ᠶᠢ ᠬᠡᠷᠡᠭᠯᠡᠯᠲᠡ ᠳᠤ ᠣᠷᠤᠭᠤᠯᠤᠨ ᠠᠯᠪᠠᠨ ᠠᠵᠢᠯ ᠢᠶᠠᠷ ᠠᠶᠠᠯᠠᠬᠤ ᠳᠤ ᠪᠣᠬᠢᠷᠲᠤᠯ ᠦᠭᠡᠢ ᠪᠠᠶᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/11/6
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠠᠬᠢ ᠨᠠᠮ ᠵᠠᠰᠠᠭ ᠤᠨ ᠪᠠᠶᠢᠭᠤᠯᠤᠯᠭ᠎ᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠬᠠᠷᠢᠭᠤᠴᠠᠯᠭ᠎ᠠ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠪᠠ ᠬᠡᠷᠡᠭᠯᠡᠯᠲᠡ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠳᠡᠭᠡᠳᠦ ᠰᠢᠨ᠎ᠡ ᠲᠣᠭᠤᠷᠢᠭ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠬᠤ ᠵᠢᠴᠢ ᠪᠣᠬᠢᠷᠲᠤᠯ ᠦᠭᠡᠢ ᠠᠶᠠᠯᠠᠬᠤ ᠶᠢ ᠦᠢᠯᠡᠳᠦᠯᠭᠡᠵᠢᠭᠦᠯᠬᠦ ᠡᠬᠢᠯᠡᠯᠲᠡ ᠶᠢᠨ ᠶᠣᠰᠣᠯᠠᠯ ᠬᠢᠵᠦ᠂ ᠳᠡᠭᠡᠳᠦ ᠰᠢᠨ᠎ᠡ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠪᠠᠶᠢᠴᠠᠭᠠᠨ ᠰᠤᠳᠤᠯᠤᠭᠴᠢ ᠲᠤᠤ ᠹᠧᠩ ᠭᠦᠸᠧ ᠶᠣᠰᠣᠯᠠᠯ ᠳᠤ ᠣᠷᠣᠯᠴᠠᠪᠠ᠃      ᠳᠡᠭᠡᠳᠦ ᠰᠢᠨ᠎ᠡ ᠲᠣᠭᠤᠷᠢᠭ ᠤᠨ ᠮᠥᠸᠧᠪᠸᠢ ᠮᠠᠰᠢᠨ ᠲᠡᠷᠭᠡ ᠲᠦᠷᠢᠶᠡᠰᠦᠯᠡᠬᠦ ᠺᠣᠮᠫᠠᠨᠢ ᠰᠢᠨ᠎ᠡ ᠡᠨᠧᠷᠭᠢ ᠶᠢᠨ ᠴᠡᠪᠡᠷ ᠴᠠᠬᠢᠯᠭᠠᠨ ᠬᠥᠳᠡᠯᠭᠡᠭᠦᠷᠲᠦ 10 ᠮᠠᠰᠢᠨ ᠲᠡᠷᠭᠡ ᠶᠢ ᠢᠯᠡ ᠪᠠᠷ ᠬᠤᠳᠠᠯᠳᠤᠨ ᠠᠪᠴᠤ᠂ ᠳᠡᠭᠡᠳᠦ ᠰᠢᠨ᠎ᠡ ᠲᠣᠭᠤᠷᠢᠭ ᠤᠨ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠵᠢᠴᠢ ᠨᠡᠶᠢᠭᠡᠮ ᠤᠨ ᠡᠯ᠎ᠡ ᠡᠲᠡᠭᠡᠳ ᠤᠨ ᠨᠡᠶᠢᠭᠡᠮᠴᠢᠯᠡᠭᠰᠡᠨ ᠮᠠᠰᠢᠨ ᠲᠡᠷᠭᠡ ᠲᠦᠷᠢᠶᠡᠰᠦᠯᠡᠬᠦ ᠦᠢᠯᠡᠴᠢᠯᠡᠭᠡ ᠳᠤ ᠬᠡᠷᠡᠭᠯᠡᠪᠡ᠃ ᠶᠣᠰᠣᠯᠠᠯ ᠤᠨ ᠲᠤᠬᠠᠶ ᠶᠢᠨ ᠲᠠᠯᠠᠪᠠᠢ ᠳᠤ᠂ ᠶᠡᠷᠦᠩᠬᠡᠶᠢᠯᠡᠭᠰᠡᠨ ᠠᠯᠪᠠᠨ ᠭᠡᠷ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠨᠢᠨ ᠮᠡᠳᠡᠭᠡ ᠮᠡᠳᠡᠭᠡ ᠵᠠᠩᠭᠢ ᠶᠢᠨ ᠲᠥᠪ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠯᠬᠢᠭᠦᠷ ᠢ ᠠᠪᠴᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠤᠷᠰᠢᠨ ᠬᠡᠷᠡᠭᠯᠡᠬᠦ ᠠᠩᠬᠠᠨ ᠤ ᠪᠦᠯᠦᠭ ᠬᠡᠷᠡᠭᠯᠡᠭᠴᠢ ᠪᠣᠯᠪᠠ᠃      ᠤᠯᠠᠮᠵᠢᠯᠠᠯᠲᠤ ᠲᠣᠰᠣ ᠰᠢᠲᠠᠭᠠᠬᠤ ᠲᠡᠷᠭᠡ ᠲᠠᠢ ᠬᠠᠷᠢᠴᠠᠭᠤᠯᠪᠠᠯ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠣᠷᠴᠢᠨ ᠠᠬᠤᠶ ᠶᠢ ᠬᠠᠮᠠᠭᠠᠯᠠᠨ ᠡᠨᠧᠷᠭᠢ ᠠᠷᠪᠢᠯᠠᠬᠤ᠂ ᠠᠮᠢᠳᠤᠯᠢᠭ ᠴᠢᠯᠥᠭᠡᠲᠡᠶ ᠪᠠᠶᠢᠬᠤ ᠳᠠᠪᠠᠭᠤᠯᠢᠭ ᠲᠠᠢ ᠶᠤᠮ᠃ ᠠᠩᠬᠠᠨ ᠤ ᠪᠦᠯᠦᠭ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠢᠩᠬᠢᠨᠢ ᠪᠠᠷ ᠬᠡᠷᠡᠭᠯᠡᠭᠰᠡᠨ ᠨᠢ ᠳᠡᠭᠡᠳᠦ ᠰᠢᠨ᠎ᠡ ᠲᠣᠭᠤᠷᠢᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠦᠬᠦ ᠠᠶᠢᠮᠠᠭ ᠲᠤ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠨ ᠠᠶᠠᠯᠠᠬᠤ ᠶᠢ ᠡᠩ ᠲᠡᠷᠢᠭᠦᠨ ᠳᠤ ᠦᠢᠯᠡᠳᠦᠯᠭᠡᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠪᠠ ᠬᠡᠷᠡᠭᠯᠡᠯᠲᠡ ᠶᠢ ᠬᠥᠲᠥᠯᠥᠨ ᠵᠢᠯᠣᠭᠤᠳᠴᠤ᠂ ᠠᠷᠪᠢᠴᠢ ᠭᠠᠮᠴᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠶ ᠢᠯᠡᠷᠡᠯ ᠢ ᠬᠠᠷᠠᠭᠤᠯᠵᠤ ᠪᠠᠶᠢᠨ᠎ᠠ᠃      ᠡᠨᠡ ᠵᠢᠯ᠂ ᠳᠡᠭᠡᠳᠦ ᠰᠢᠨ᠎ᠡ ᠲᠣᠭᠤᠷᠢᠭ ᠠᠯᠪᠠᠨ ᠳᠤ ᠬᠡᠷᠡᠭᠯᠡᠬᠦ ᠲᠡᠷᠭᠡ ᠶᠢᠨ ᠳᠦᠷᠢᠮ ᠤᠨ ᠨᠡᠶᠢᠭᠡᠮᠴᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠮᠥᠸᠧᠪᠸᠢ ᠮᠠᠰᠢᠨ ᠲᠡᠷᠭᠡ ᠲᠦᠷᠢᠶᠡᠰᠦᠯᠡᠬᠦ ᠺᠣᠮᠫᠠᠨᠢ ᠶᠢ ᠵᠣᠬᠢᠶᠠᠨ ᠪᠠᠶᠢᠭᠤᠯᠵᠤ᠂ ᠵᠠᠰᠠᠭ ᠵᠠᠬᠢᠷᠭᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠯᠪᠠᠨ ᠳᠤ ᠬᠡᠷᠡᠭᠯᠡᠬᠦ ᠲᠡᠷᠭᠡ ᠶᠢᠨ ᠲᠠᠪᠴᠠᠩ ᠤᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ ︽ᠡᠷᠴᠢᠮᠯᠢᠭ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠶ︾ ᠵᠠᠬ᠎ᠠ ᠳᠡᠯᠭᠡᠭᠦᠷᠴᠢᠯᠡᠭᠰᠡᠨ ᠮᠠᠰᠢᠨ ᠲᠡᠷᠭᠡ ᠲᠦᠷᠢᠶᠡᠰᠦᠯᠡᠬᠦ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠪᠠ᠃ ᠳᠡᠭᠡᠳᠦ ᠰᠢᠨ᠎ᠡ ᠲᠣᠭᠤᠷᠢᠭ ᠤᠨ ᠮᠦᠸᠧᠪᠸᠢ ᠮᠠᠰᠢᠨ ᠲᠡᠷᠭᠡ ᠲᠦᠷᠢᠶᠡᠰᠦᠯᠡᠬᠦ ᠺᠣᠮᠫᠠᠨᠢ ᠨᠢ ᠳᠡᠭᠡᠳᠦ ᠰᠢᠨ᠎ᠡ ᠲᠣᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠲᠡᠷᠭᠡ ᠶᠢ ᠥᠭᠡᠷᠡᠴᠢᠯᠡᠭᠰᠡᠨ ᠤ ᠳᠠᠷᠠᠭᠠᠬᠢ ᠨᠡᠶᠢᠭᠡᠮᠴᠢᠯᠡᠭᠰᠡᠨ ᠠᠶᠠᠯᠠᠯ ᠳᠤ ᠨᠠᠩ ᠬᠦᠴᠦᠲᠡᠶ ᠲᠤᠯᠭᠠᠭᠤᠷᠢᠯᠠᠯ ᠬᠠᠩᠭᠠᠵᠠᠶ᠃ ᠠᠯᠪᠠᠨ ᠶᠠᠪᠤᠳᠠᠯ ᠢᠶᠠᠷ ᠠᠶᠠᠯᠠᠬᠤ ᠲᠡᠷᠭᠡ ᠬᠥᠰᠬᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠷᠭᠡ ᠬᠥᠰᠬᠡ ᠶᠢᠨ ᠡᠵᠡᠩᠨᠡᠯᠲᠡ ᠬᠠᠮᠢᠶᠠᠷᠤᠯᠲᠠ ᠶᠢᠨ ᠵᠠᠷᠤᠳᠠᠯ ᠢ ᠪᠠᠭᠤᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号