ᠨᠢᠭᠡᠳᠦᠭᠡᠷ ᠲᠤ᠂ ᠬᠡᠷᠡᠭᠯᠡᠭᠡ ᠶᠢ ᠠᠬᠢᠭᠤᠯᠬᠤ ᠬᠡᠯᠪᠡᠷᠢ ᠶᠢ ᠪᠠᠶᠠᠯᠢᠭᠵᠢᠭᠤᠯᠪᠠ᠃ 2019 ᠤᠨ ᠤ | ᠬᠡᠷᠡᠭᠯᠡᠭᠡ ᠶᠢ ᠠᠬᠢᠭᠤᠯᠬᠤ ᠠᠵᠢᠯ ᠤᠨ ᠲᠦᠰᠦᠪ ᠲᠤᠭᠲᠠᠭᠠᠵᠤ᠂ ︽2019 ᠤᠨ ᠤ ᠬᠡᠷᠡᠭᠯᠡᠭᠡ ᠶᠢ ᠠᠬᠢᠭᠤᠯᠬᠤ | ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠤᠨ ᠤ ᠤᠯᠠᠷᠢᠯ ᠤᠨ | ᠬᠤᠳᠠᠯᠳᠤᠭᠠᠨ ᠤ ᠲᠠᠯᠠᠪᠠᠢ᠂ ᠬᠡᠳᠦ ᠳᠡᠯᠭᠡᠭᠦᠷ ᠤᠨ ᠡᠵᠡᠩᠨᠡᠯᠲᠡ ᠶᠢᠨ ᠴᠠᠭ ᠢ ᠤᠷᠲᠤᠳᠬᠠᠵᠤ᠂ ︽ᠡᠪᠤᠯ ᠤᠨ | ᠤᠯᠠᠷᠢᠯ ᠤᠨ ᠴᠤᠭᠯᠠᠭ᠎ᠠ ᠮᠠᠶᠢᠮᠠᠢ ᠶᠢᠨ ᠴᠤᠭᠯᠠᠭᠠᠨ ᠡᠬᠢᠯᠡᠯ᠎ᠡ︾᠂ ︽ᠨᠡᠷᠡᠲᠤ ᠲᠡᠮᠲᠡᠭᠲᠦ ᠶᠢᠨ ᠷᠢᠳᠢ ᠰᠢᠳᠢ ᠶᠢ | ᠤᠶᠢᠯᠠᠭᠠᠵᠤ᠂ ᠭᠤᠶᠤ ᠰᠠᠶᠢᠬᠠᠨ ᠠᠮᠢᠳᠤᠷᠠᠯ ᠢ ᠡᠳ᠋ᠯᠡᠶ᠎ᠡ︾ ᠬᠡᠮᠡᠬᠦ ᠬᠡᠷᠡᠭᠯᠡᠭᠡ ᠶᠢ ᠠᠬᠢᠭᠤᠯᠬᠤ ᠵᠢᠴᠢ ᠦᠨᠡᠨᠴᠢ | ᠢᠲᠡᠭᠡᠮᠵᠢᠲᠡᠢ ᠪᠠᠷ ᠬᠤᠳᠠᠯᠳᠤᠭ᠎ᠠ ᠶᠢ ᠮᠠᠨᠳᠤᠭᠤᠯᠬᠤ ᠠᠵᠢᠯᠯᠠᠭ᠎ᠠ ᠶᠢᠨ ᠰᠠᠷ᠎ᠠ᠂ ︽ᠲᠠᠪᠤᠨ ᠰᠠᠷ᠎ᠠ ᠶᠢᠨ ᠨᠢᠭᠡᠨ︾ ᠤ | ᠶᠡᠭᠡ ᠬᠡᠪᠴᠢᠶᠠᠨ ᠤ ᠮᠠᠰᠢᠨ ᠲᠡᠷᠭᠡ ᠶᠢᠨ ᠦᠵᠡᠭᠦᠯᠭᠡ᠂ ᠴᠢᠶ᠋ᠢᠦ ᠲᠤᠰᠤᠨ ᠤ ᠭᠤᠤᠯ ᠰᠡᠳᠤᠪᠲᠤ ᠪᠤᠷᠤᠯᠠᠭᠤᠯᠭ᠎ᠠ ᠶᠢ | ᠠᠬᠢᠭᠤᠯᠬᠤ ᠵᠡᠷᠭᠡ ᠠᠵᠢᠯᠯᠠᠭ᠎ᠠ ᠶᠢ ᠦᠷᠨᠢᠭᠦᠯᠪᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠤᠯᠲᠠᠯ᠎ᠠ᠂ ᠪᠦᠬᠦ | ᠬᠤᠲᠠ ᠳᠤ ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 285 ᠲᠠᠯᠠᠪᠠᠢ ᠦᠷᠨᠢᠭᠦᠯᠵᠦ᠂ | ᠪᠤᠷᠤᠯᠠᠭᠤᠯᠭ᠎ᠠ ᠶᠢᠨ ᠬᠡᠮᠵᠢᠶ᠎ᠡ ᠶᠢ 13.26 ᠳ᠋ᠦᠩᠰᠢᠭᠤᠷ ᠲᠦᠭᠦᠷᠢᠭ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ᠃ | ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠪᠤᠷᠤᠯᠠᠭᠤᠯᠭ᠎ᠠ ᠶᠢᠨ ᠬᠡᠮᠵᠢᠶ᠎ᠡ ᠨᠢ | 10.13 ᠳ᠋ᠦᠩᠰᠢᠭᠤᠷ ᠲᠦᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠤᠷᠤᠭᠰᠢᠬᠢ ᠠᠵᠤ ᠠᠬᠤᠶᠢᠯᠠᠯ ᠤᠨ | ᠪᠤᠷᠤᠯᠠᠭᠤᠯᠭ᠎ᠠ ᠶᠢᠨ ᠬᠡᠮᠵᠢᠶ᠎ᠡ ᠨᠢ 3.13 ᠳ᠋ᠦᠩᠰᠢᠭᠤᠷ ᠲᠦᠭᠦᠷᠢᠭ ᠪᠠᠶᠢᠨ᠎ᠠ᠃ | ᠬᠤᠶᠠᠳᠤᠭᠠᠷ ᠲᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠶᠢᠨ ᠮᠡᠳᠡᠭᠡ ᠵᠠᠩᠬᠢ ᠶᠢᠨ ᠠᠵᠢᠯ ᠢ | ᠴᠢᠩᠭᠠᠳᠬᠠᠪᠠ᠃ 1-9 ᠳ᠋ᠦ᠋ᠭᠡᠷ ᠰᠠᠷ᠎ᠠ ᠳᠤ᠂ ᠪᠦᠬᠦ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠤᠷᠢᠳᠴᠢᠯᠠᠨ | ᠮᠡᠳᠡᠭᠡᠯᠡᠬᠦ ᠰᠦᠯᠵᠢᠶ᠎ᠡ ᠠᠮᠢᠳᠤᠷᠠᠯ ᠤᠨ ᠴᠢᠬᠤᠯᠠ ᠬᠡᠷᠡᠭᠴᠡᠭᠡᠲᠦ ᠪᠠᠷᠠᠭ᠎ᠠ ᠶᠢᠨ ᠬᠠᠩᠭᠠᠯᠭ᠎ᠠ ᠶᠢᠨ ᠦᠨ᠎ᠡ ᠶᠢᠨ | ᠬᠤᠪᠢᠷᠠᠯᠲᠠ ᠶᠢᠨ ᠮᠡᠳᠡᠭᠡ ᠵᠠᠩᠭᠢ ᠶᠢ ᠨᠡᠶᠢᠲᠡ 715 ᠵᠤᠷᠪᠤᠰ ᠨᠡᠶᠢᠲᠡᠯᠡᠵᠦ᠂ ᠬᠤᠳᠠᠯᠳᠤᠭᠠᠨ ᠤ ᠶᠠᠪᠤᠳᠠᠯ ᠤᠨ | ᠶᠠᠮᠤᠨ ᠤ ᠭᠤᠤᠯ ᠦᠷᠲᠡᠭᠡ 427 ᠵᠤᠷᠪᠤᠰ ᠮᠠᠲ᠋ᠧᠷᠢᠶᠠᠯ ᠢ ᠬᠦᠯᠢᠶᠡᠨ ᠠᠪᠴᠤ᠂ ᠤᠶᠤᠨᠴᠢ ᠮᠡᠳᠡᠭᠡ ᠵᠠᠩᠬᠢ ᠶᠢᠨ | ᠬᠦᠭᠡᠷᠭᠡ ᠶᠢᠨ ᠠᠵᠤ ᠠᠬᠤᠶᠢᠯᠠᠯ ᠪᠠ 10 ᠬᠤᠳᠠᠯᠳᠤᠭᠠᠨ ᠤ ᠭᠦᠢᠯᠭᠡᠭᠡ ᠶᠢᠨ ᠰᠠᠷ᠎ᠠ ᠶᠢᠨ ᠮᠡᠳᠡᠭᠦᠯᠦᠯᠲᠡ ᠶᠢᠨ ᠠᠵᠤ | ᠠᠬᠤᠶᠢᠯᠠᠯ ᠰᠢᠨ᠎ᠡ ᠪᠠᠷ ᠨᠡᠮᠡᠭᠳᠡᠵᠦ᠂ ᠵᠠᠬ᠎ᠠ ᠳᠠᠯᠭᠡᠭᠦᠷ ᠤᠨ ᠠᠵᠢᠯᠯᠠᠭᠠᠨ ᠢ ᠬᠢᠨᠡᠨ ᠬᠡᠮᠵᠢᠬᠦ ᠠᠵᠢᠯ ᠨᠢ ᠪᠦᠬᠦ ᠤᠷᠤᠨ | ᠳᠤ ᠲᠡᠷᠢᠭᠦᠯᠡᠪᠡ᠃ | ᠭᠤᠷᠪᠠᠳᠤᠭᠠᠷ ᠲᠤ᠂ ᠵᠠᠬ᠎ᠠ ᠳᠡᠯᠭᠡᠬᠦᠷ ᠤᠨ ᠬᠠᠩᠭᠠᠯᠭ᠎ᠠ ᠶᠢ ᠪᠠᠲᠤᠯᠠᠵᠤ᠂ ᠦᠨ᠎ᠡ ᠬᠠᠩᠰᠢ ᠶᠢ ᠲᠤᠭᠳᠠᠭᠤᠨ | ᠪᠠᠶᠢᠯᠭᠠᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠪᠠ᠃ ︽ᠠᠹᠷᠢᠺᠠ ᠶᠢᠨ ᠭᠠᠭ᠋ᠠᠢ ᠶᠢᠨ ᠬᠢᠵᠢᠭ︾ ᠤᠨ | ᠨᠦᠯᠦᠭᠡ ᠠᠴᠠ ᠪᠣᠯᠵᠤ᠂ ᠪᠦᠬᠦ ᠬᠤᠲᠠ ᠶᠢᠨ ᠠᠮᠢᠳᠤ ᠭᠠᠭ᠋ᠠᠢ ᠶᠢᠨ ᠬᠠᠩᠭᠠᠯᠭ᠎ᠠ ᠨᠢ ᠶᠡᠷᠦᠩᠬᠡᠢ ᠳᠤ ᠪᠠᠨ ᠪᠠᠭᠠᠰᠴᠤ᠂ | ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠪᠠᠴᠢᠮ ᠪᠤᠯᠵᠤ᠂ ᠬᠤᠨᠢ ᠢᠮᠠᠭᠠᠨ ᠤ ᠮᠢᠬ᠎ᠠ ᠶᠢᠨ ᠦᠨ᠎ᠡ ᠨᠢ | ᠶᠡᠷᠦᠩᠬᠡᠢ ᠳᠤ ᠪᠠᠨ ᠦᠰᠪᠠ᠃ ᠵᠠᠬ᠎ᠠ ᠳᠡᠯᠭᠡᠭᠦᠷ ᠤᠨ ᠮᠢᠬᠠᠨ ᠤ ᠲᠦᠷᠦᠯ ᠤᠨ ᠬᠠᠩᠭᠠᠯᠭ᠎ᠠ ᠶᠢ | ᠲᠤᠭᠲᠠᠪᠤᠷᠵᠢᠭᠤᠯᠬᠤ ᠶᠢᠨ ᠲᠦᠯᠦᠭᠡ᠂ ᠬᠤᠲᠠ ᠶᠢᠨ ᠬᠤᠳᠠᠯᠳᠤᠭᠠᠨ ᠤ ᠲᠤᠪᠴᠢᠶ᠎ᠠ ᠬᠤᠲᠠ ᠶᠢᠨ ᠬᠦᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠠᠯ ᠲᠠᠢ ᠬᠠᠮᠲᠤᠷᠠᠨ ᠬᠤᠲᠠ ᠶᠢᠨ ᠵᠠᠰᠠᠭ ᠤᠨ ᠤᠷᠳᠤᠨ ᠳᠤ 200 ᠲᠤᠨ ᠬᠦᠯᠳᠡᠭᠦᠦ | ᠭᠠᠭ᠋ᠠᠢ ᠶᠢᠨ ᠮᠢᠬ᠎ᠠ ᠨᠦᠭᠡᠴᠡᠯᠡᠬᠦ ᠶᠢ ᠭᠤᠶᠤᠴᠢᠯᠠᠪᠠ᠃ ᠤᠳᠤᠬᠠᠨ ᠳᠤ ᠶᠠᠭ ᠳᠡᠰ ᠳᠠᠷᠠᠭᠠᠯᠠᠯ ᠢᠶᠠᠷ ᠭᠠᠭ᠋ᠠᠢ ᠶᠢᠨ | ᠮᠢᠬ᠎ᠠ ᠬᠤᠳᠠᠯᠳᠤᠨ ᠠᠪᠬᠤ ᠪᠠ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠬᠤ ᠠᠵᠢᠯ ᠢ | ᠬᠢᠵᠦ ᠪᠠᠶᠢᠬᠤ ᠪᠦᠭᠡᠳ ᠭᠤᠤᠯ ᠪᠤᠷᠤᠯᠠᠭᠤᠯᠭ᠎ᠠ ᠶᠢᠨ ᠠᠵᠤ ᠠᠬᠤᠶᠢᠯᠠᠯ ᠲᠠᠢ ᠬᠠᠩᠭᠠᠯᠭ᠎ᠠ ᠶᠢ ᠪᠠᠲᠤᠯᠠᠬᠤ | ᠵᠦᠪᠳᠡᠯᠴᠡᠭᠡᠷ ᠲᠤᠭᠲᠠᠵᠠᠢ᠃ ᠡᠭᠦᠨ ᠤ ᠬᠠᠮᠲᠤ᠂ ᠮᠢᠬᠠᠨ ᠤ ᠵᠦᠢᠯ ᠤᠨ ᠦᠢᠯᠡᠳᠭᠦᠨ ᠤ ᠦᠨ᠎ᠡ ᠬᠠᠩᠰᠢ᠂ | ᠪᠤᠷᠤᠯᠠᠭᠤᠯᠭ᠎ᠠ ᠶᠢᠨ ᠬᠢᠨᠡᠨ ᠬᠡᠮᠵᠢᠯᠲᠡ ᠶᠢ ᠴᠢᠩᠭᠠᠳᠬᠠᠵᠤ᠂ ᠮᠢᠬᠠᠨ ᠤ ᠵᠦᠢᠯ ᠤᠨ ᠦᠢᠯᠡᠳᠭᠦᠨ ᠤ ᠬᠠᠩᠭᠠᠯᠭ᠎ᠠ᠂ | ᠬᠡᠷᠡᠭᠴᠡᠭᠡ᠂ ᠦᠨ᠎ᠡ ᠬᠠᠩᠰᠢ ᠶᠢᠨ ᠬᠤᠪᠢᠷᠠᠯᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ | ᠡᠮᠬᠢ ᠵᠢᠷᠤᠮ ᠲᠠᠢ ᠡᠵᠡᠩᠨᠡᠬᠦ ᠶᠢ ᠵᠢᠯᠤᠭᠤᠳᠤᠨ᠂ ᠰᠠᠭᠤᠭᠠᠯᠢ ᠠᠷᠠᠳ ᠤᠨ ᠤᠶᠤᠨᠴᠢ ᠪᠠᠷ ᠬᠡᠷᠡᠭᠯᠡᠬᠦ ᠶᠢ ᠬᠦᠲᠦᠯᠦᠨ | ᠵᠢᠯᠤᠭᠤᠳᠴᠤ᠂ ᠵᠠᠬ᠎ᠠ ᠳᠡᠯᠭᠡᠭᠦᠷ ᠤᠨ ᠲᠦᠰᠦᠭᠡᠯᠡᠯ ᠢ ᠲᠤᠭᠲᠠᠪᠤᠷᠵᠢᠭᠤᠯᠵᠤ ᠪᠠᠶᠢᠨ᠎ᠠ᠃ |