ᠰᠢᠯᠢ ᠶᠢᠨ ᠭᠤᠤᠯ ᠠᠶᠢᠮᠠᠭ ᠵᠠᠰᠠᠭ ᠤᠨ ᠣᠷᠳᠣᠨ ᠤ ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ | ᠢᠳᠡᠪᠬᠢᠲᠡᠢ ᠨᠡᠶᠢᠳᠠᠪᠤᠷᠢᠵᠢᠭᠤᠯᠵᠦ᠂ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠬᠥᠮᠦᠰ᠂ | ᠢᠯᠠᠩᠭᠤᠶ᠎ᠠ ᠳᠠᠩᠰᠨ ᠪᠠ ᠺᠠᠷᠲ ᠲᠠᠢ ᠶᠠᠳᠠᠭᠤ ᠠᠴᠠ ᠠᠩᠭᠢᠵᠢᠷᠠᠭᠠᠳᠤᠶ ᠶᠠᠳᠠᠭᠤ ᠬᠦᠴᠢᠷᠳᠡᠯᠲᠡᠶ ᠬᠥᠮᠦᠨ ᠠᠮᠠ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠥᠮᠦᠰ᠂ ᠣᠨᠴᠠ ᠬᠦᠴᠢᠷᠳᠡᠯᠲᠡᠶ ᠬᠥᠮᠦᠰ | ᠵᠡᠷᠭᠡ ᠮᠠᠯᠵᠢᠬᠤ ᠲᠠᠷᠢᠶᠠᠯᠠᠬᠤ ᠣᠷᠣᠨ ᠤ ᠬᠥᠮᠦᠰ ᠢ ᠣᠷᠣᠯᠠᠨ ᠲᠤᠰᠢᠶᠠᠬᠤ ᠬᠦᠷᠢᠶ᠎ᠡ ᠬᠡᠪᠴᠢᠶᠡᠨ ᠳᠤ ᠣᠷᠣᠭᠤᠯᠵᠡᠢ᠃ | 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠠᠶᠢᠮᠠᠭ ᠤᠨ ᠳᠠᠩᠰᠨ ᠪᠠ ᠺᠠᠷᠲ ᠲᠠᠢ ᠶᠠᠳᠠᠭᠤ ᠠᠴᠠ | ᠠᠩᠭᠢᠵᠢᠷᠠᠭᠠᠳᠤᠶ ᠬᠥᠮᠦᠨ 2478 ᠪᠠᠶᠢᠵᠤ᠂ ᠣᠷᠣᠯᠠᠨ ᠲᠤᠰᠢᠶᠠᠬᠤ ᠨᠣᠷᠮ᠎ᠠ ᠨᠢ 100% ᠪᠣᠯᠤᠨ᠎ᠠ︔ ᠳᠠᠩᠰᠨ | ᠪᠠ ᠺᠠᠷᠲ ᠲᠠᠢ ᠣᠯᠭᠤᠮᠵᠢ ᠠᠪᠬᠤ ᠬᠥᠮᠦᠨ ᠨᠢ 14000 ᠬᠥᠮᠦᠨ ᠪᠠᠶᠢᠵᠤ᠂ ᠣᠯᠭᠤᠮᠵᠢ ᠠᠪᠬᠤ ᠨᠣᠷᠮ᠎ᠠ ᠨᠢ | 100% ᠪᠣᠯᠤᠨ᠎ᠠ᠃ ᠡᠭᠦᠨ ᠤ ᠬᠠᠮᠲᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠨᠡᠶᠢᠭᠡᠮ ᠤᠨ ᠳᠠᠭᠠᠳᠬᠠᠯ ᠤᠨ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ | ᠠᠵᠢᠯ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠤᠨ ᠶᠠᠳᠠᠭᠤ ᠶᠢ ᠲᠡᠳᠬᠦᠬᠦ ᠠᠵᠢᠯ ᠳᠠᠬᠢ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ | ᠨᠠᠩ ᠰᠠᠶᠢᠲᠤᠷ ᠪᠠᠲᠤᠯᠠᠵᠤ᠂ ᠶᠠᠳᠠᠭᠤ ᠬᠦᠴᠢᠷᠳᠡᠯᠲᠡᠶ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ︽ | ᠲᠥᠷᠦ ᠶᠢᠨ ᠪᠣᠳᠣᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ︾ ᠶᠢ ᠪᠠᠲᠤᠯᠠᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠪᠦᠬᠦ | ᠬᠦᠴᠦᠨ ᠢᠶᠠᠷ ᠠᠬᠢᠭᠤᠯᠵᠤ ᠪᠠᠶᠢᠨ᠎ᠠ᠃ | |