ᠰᠢᠯᠢ ᠶᠢᠨ ᠭᠤᠤᠯ ᠠᠶᠢᠮᠠᠭ ᠰᠢᠨ᠎ᠡ ᠡᠭᠦᠳᠦᠯᠲᠡ ᠪᠠᠷ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/12/10
     ᠦᠢᠷ᠎ᠠ ᠳᠤ᠂ ᠰᠢᠯᠢ ᠶᠢᠨ ᠭᠤᠤᠯ ᠠᠶᠢᠮᠠᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠴᠢᠨᠠᠷ ᠰᠠᠶᠢᠲᠠᠢ ᠬᠦᠭᠵᠢᠭᠦᠯᠭᠦ ᠶᠠᠪᠤᠳᠠᠯ ᠢ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠦᠭᠡᠷᠡᠴᠢᠯᠡᠯᠲᠡ ᠶᠢ ᠠᠳᠬᠤᠬᠤ ᠡᠭᠦᠷᠭᠡ ᠶᠢᠨ ᠨᠢᠭᠡ ᠪᠤᠯᠭᠠᠵᠤ᠂ ᠮᠠᠯᠵᠢᠬᠤ ᠤᠷᠤᠨ ᠤ ᠤᠯᠠᠨ ᠲᠦᠮᠡᠨ ᠤ ᠪᠤᠲᠠᠲᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠠᠴᠠ ᠡᠭᠦᠰᠴᠦ᠂ ᠲᠡᠳᠭᠦᠭᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠤᠯᠠᠨ ᠡᠰᠢᠴᠢᠯᠡᠭᠰᠡᠨ ᠡᠵᠡᠩᠨᠡᠯᠲᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠵᠠᠭᠪᠤᠷ ᠢ ᠬᠦᠲᠦᠯᠦᠨ ᠵᠢᠯᠤᠭᠤᠳᠴᠤ᠂  ᠮᠠᠯᠵᠢᠬᠤ ᠤᠷᠤᠨ ᠤ ᠨᠠᠰᠤᠲᠡᠶᠢᠴᠤᠳ ᠢ ᠬᠤᠲᠠ ᠪᠠᠯᠭᠠᠰᠤᠨ ᠤ ᠨᠡᠶᠢᠭᠡᠮ ᠤᠨ ᠲᠤᠭᠤᠷᠢᠭ ᠲᠤ ᠲᠦᠪᠯᠡᠷᠡᠭᠦᠯᠦᠨ  ᠲᠦᠪᠬᠢᠨᠠᠭᠦᠯᠵᠦ᠂ ᠮᠠᠯᠵᠢᠬᠤ ᠤᠷᠤᠨ ᠤ ᠨᠠᠰᠤᠲᠡᠶᠢᠴᠤᠳ ᠤᠨ ᠬᠤᠲᠠ ᠤᠷᠤᠵᠤ ᠠᠰᠠᠷᠠᠨ ᠰᠤᠪᠢᠯᠠᠬᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠬᠠᠩᠭᠠᠨ᠂ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠰᠢᠨ᠎ᠡ ᠪᠠᠷ ᠡᠭᠦᠳᠴᠤ᠂ ᠮᠠᠯᠵᠢᠬᠤ ᠤᠷᠤᠨ ᠤ ᠨᠠᠰᠤᠲᠡᠶᠢᠴᠤᠳ ᠤᠨ ᠭᠡᠷ ᠲᠤ ᠪᠠᠨ ᠰᠠᠭᠤᠨ ᠡᠷᠡᠭᠦᠯ ᠡᠩᠬᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠬᠦᠷᠲᠡᠬᠦ ᠶᠠᠰᠤ ᠴᠢᠨᠠᠷ ᠪᠤᠯᠤᠨ ᠤᠶᠤᠨ ᠤᠬᠠᠭᠠᠨ ᠤ ᠠᠮᠢᠳᠤᠷᠠᠯ ᠢ ᠨᠢ ᠳᠡᠭᠡᠭᠰᠢᠯᠡᠭᠦᠯᠵᠦ᠂ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠷᠬᠦᠯᠵᠢᠯᠡᠯ ᠬᠦᠭᠵᠢᠯᠲᠡ ᠶᠢ ᠠᠬᠢᠭᠤᠯᠵᠤ ᠪᠠᠶᠢᠨ᠎ᠠ᠃      ᠰᠢᠯᠢ ᠶᠢᠨ ᠭᠤᠤᠯ ᠠᠶᠢᠮᠠᠭ ᠤᠳᠤ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ 5 ᠬᠦᠷᠢᠶᠡᠯᠡᠩ ᠲᠤᠭᠤᠷᠢᠭ᠂ 1696 ᠡᠷᠦᠬᠡ ᠲᠠᠢ ᠪᠠᠶᠢᠵᠤ᠂ 60 ᠨᠠᠰᠤᠨ ᠠᠴᠠ ᠳᠡᠭᠡᠭᠰᠢᠬᠢ ᠮᠠᠯᠵᠢᠬᠤ ᠤᠷᠤᠨ ᠤ ᠨᠠᠰᠤᠲᠠᠨ 2493 ᠬᠦᠮᠦᠨ ᠤᠷᠤᠵᠤ ᠰᠠᠭᠤᠨ᠂ ᠰᠢᠯᠢ ᠶᠢᠨ ᠭᠤᠤᠯ ᠠᠶᠢᠮᠠᠭ ᠤᠨ ᠮᠠᠯᠵᠢᠬᠤ ᠤᠷᠤᠨ ᠤ ᠨᠠᠰᠤᠲᠡᠶᠢᠴᠤᠳ ᠤᠨ ᠶᠡᠷᠦᠩᠬᠡᠢ ᠲᠤᠭᠠᠨ ᠤ 7.7% ᠤᠷᠴᠢᠮ ᠢ ᠡᠵᠡᠯᠡᠵᠦ᠂ ᠬᠦᠷᠢᠶᠡᠯᠡᠩ ᠲᠤᠭᠤᠷᠢᠭ ᠲᠤ ᠤᠷᠤᠵᠤ ᠰᠠᠭᠤᠭᠰᠠᠨ ᠨᠤᠷᠮ᠎ᠠ ᠴᠦᠮ 100%᠎ ᠳᠤ ᠬᠦᠷᠪᠡ᠃ ᠰᠢᠯᠢ ᠶᠢᠨ ᠬᠤᠲᠠ᠂ ᠠᠪᠠᠭ᠎ᠠ ᠬᠤᠰᠢᠭᠤ᠂ ᠰᠦᠨᠢᠳ ᠪᠠᠷᠠᠭᠤᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠡᠩ ᠲᠡᠷᠢᠭᠦᠨ ᠳᠤ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠵᠠᠭᠪᠤᠷ ᠲᠤ ᠰᠢᠨ᠎ᠡ ᠶᠢ ᠡᠭᠦᠳᠴᠦ᠂ ᠪᠦᠬᠦ ᠤᠯᠤᠰ ᠤᠨ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠬᠤᠭᠤᠰᠤᠨ ᠢ ᠨᠦᠬᠦᠪᠦᠷᠢᠯᠡᠪᠡ᠃      ᠡᠨᠡ ᠵᠢᠯ᠂ ᠰᠢᠯᠢ ᠶᠢᠨ ᠭᠤᠤᠯ ᠠᠶᠢᠮᠠᠭ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ 4 ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ 3.33 ᠳ᠋ᠦᠩᠰᠢᠭᠤᠷ ᠲᠦᠭᠦᠷᠢᠭ ᠤᠨ ᠶᠡᠷᠦᠩᠬᠡᠢ ᠪᠡᠯᠡ ᠤᠷᠤᠭᠤᠯᠵᠤ ᠪᠦᠲᠦᠭᠡᠨ ᠪᠠᠶᠢᠭᠤᠯᠪᠠ᠂ 1093 ᠡᠷᠦᠭᠡ ᠪᠦᠲᠦᠭᠡᠨ ᠪᠠᠶᠢᠭᠤᠯᠵᠤ᠂ 2186 ᠣᠷᠣ ᠲᠤᠬᠢᠷᠠᠭᠤᠯᠵᠠᠢ᠂ ᠵᠢᠱᠢᠯᠲᠡ ᠪᠠᠷ 2021 ᠤᠨ ᠤ ᠡᠴᠦᠰ ᠪᠤᠯᠬᠤ ᠳᠤ ᠡᠯ᠎ᠡ ᠭᠠᠵᠠᠷ ᠤᠨ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠡᠵᠡᠩᠨᠡᠯᠲᠡ ᠳᠤ ᠤᠷᠤᠭᠰᠠᠨ ᠤ ᠳᠠᠷᠠᠭ᠎ᠠ᠂ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠤᠭᠤᠷᠢᠭ ᠢ ᠦᠨᠳᠦᠰᠦᠨ ᠳᠤ ᠪᠠᠨ ᠪᠦᠷᠢᠨ ᠪᠦᠷᠬᠦᠭᠦᠯᠵᠦ᠂ ᠮᠠᠯᠵᠢᠬᠤ ᠤᠷᠤᠨ ᠤ 18%᠎ ᠶᠢᠨ ᠨᠠᠰᠤᠲᠡᠶᠢᠴᠤᠳ ᠤᠨ ᠲᠦᠪᠯᠡᠷᠡᠨ ᠰᠠᠭᠤᠵᠤ ᠠᠰᠠᠷᠠᠨ ᠰᠤᠪᠢᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠤᠯᠤᠨ᠎ᠠ᠃      ᠡᠨᠡ ᠵᠢᠯ ᠤᠨ 8 ᠳ᠋ᠤᠭᠠᠷ ᠰᠠᠷ᠎ᠠ ᠳᠤ᠂ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠦᠴᠦᠲᠡᠢ ᠳᠡᠮᠵᠢᠯᠭᠡ ᠪᠠ ᠮᠦᠷᠳᠡᠨ ᠲᠤᠬᠢᠷᠠᠭᠤᠯᠤᠯᠲᠠ ᠳᠤᠤᠷ᠎ᠠ᠂ ᠰᠦᠨᠢᠳ ᠪᠠᠷᠠᠭᠤᠨ ᠬᠤᠰᠢᠭᠤᠨ ᠤ ︽ᠵᠢᠷᠭᠠᠯᠠᠩ︾ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠦᠬᠦ ᠲᠠᠯ᠎ᠠ ᠪᠠᠷ ᠡᠵᠡᠩᠨᠡᠯᠲᠡ ᠳᠤ ᠤᠷᠤᠭᠤᠯᠵᠤ᠂ ᠲᠦᠷᠦᠯ ᠵᠦᠢᠯ ᠳᠤ 600 ᠲᠦᠮᠡᠨ ᠲᠦᠭᠦᠷᠢᠭ ᠤᠨ ᠪᠡᠯᠡ ᠤᠷᠤᠭᠤᠯᠵᠤ᠂ 2.3 ᠲᠦᠮᠡᠨ ᠳᠡᠭᠰᠢ ᠳᠦᠷᠪᠡᠯᠵᠢᠨ ᠮᠧᠲᠷ ᠪᠦᠬᠦᠢ ᠪᠠᠷᠢᠯᠭ᠎ᠠ ᠪᠠᠷᠢᠵᠤ᠂ ᠮᠠᠯᠵᠢᠬᠤ ᠤᠷᠤᠨ ᠤ 280 ᠡᠷᠦᠭᠡ᠂ 314 ᠨᠠᠰᠤᠲᠠᠨ ᠪᠠ ᠨᠡᠶᠢᠭᠡᠮ ᠤᠨ 26 ᠨᠠᠰᠤᠲᠠᠨ ᠬᠦᠷᠢᠶᠡᠯᠡᠩ ᠲᠤᠭᠤᠷᠢᠭ ᠲᠤ ᠤᠷᠤᠵᠤ ᠰᠠᠭᠤᠪᠠ᠃ ᠰᠦᠨᠢᠳ ᠪᠠᠷᠠᠭᠤᠨ ᠬᠤᠰᠢᠭᠤᠨ ᠤ ︽ᠵᠢᠷᠭᠠᠯᠠᠩ︾ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠤᠭᠤᠷᠢᠭ ᠪᠤᠯ ᠮᠠᠨ ᠤ ᠠᠶᠢᠮᠠᠭ ᠤᠨ ᠮᠠᠯᠵᠢᠬᠤ ᠤᠷᠤᠨ ᠤ ᠨᠠᠰᠤᠵᠢᠯ ᠤᠨ ᠠᠰᠠᠷᠠᠮᠵᠢ ᠶᠢᠨ ︽ᠲᠦᠪᠯᠡᠷᠡᠨ ᠰᠠᠭᠤᠷᠢᠰᠢᠬᠤ᠂ ᠡᠷᠦᠭᠡ ᠬᠤᠪᠢᠶᠠᠨ  ᠠᠮᠢᠳᠤᠷᠠᠬᠤ᠂ ᠪᠦᠬᠦ ᠲᠠᠯ᠎ᠠ ᠶᠢᠨ ᠦᠢᠯᠡᠴᠢᠯᠡᠭᠡ ᠬᠦᠷᠲᠡᠬᠦ︾ ᠳᠡᠰ ᠳᠠᠪᠰᠢᠭᠰᠠᠨ ᠬᠡᠪ ᠵᠠᠭᠪᠤᠷ ᠪᠤᠯᠤᠨ᠎ᠠ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号