ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠦᠭᠰᠡᠨ ᠠᠴᠠ ᠨᠠᠭᠠᠰᠢ᠂ | ᠡᠷᠢᠶᠡᠨ ᠬᠤᠲᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ︽ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ︾ ᠵᠠᠷᠤᠳᠠᠯ ᠤᠨ ᠪᠠᠲᠤᠯᠠᠭ᠎ᠠ ᠪᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠵᠢᠯ ᠢ ᠭᠦᠨᠵᠡᠭᠡᠢ ᠯᠠᠪᠳᠠᠭᠤᠨ ᠢᠶᠠᠷ ᠦᠷᠨᠢᠭᠦᠯᠬᠦ ᠶᠢ | ᠳᠡᠮᠵᠢᠪᠡ᠃ | ᠨᠢᠭᠡ ᠳᠤ ᠨᠠᠷᠢᠨ ᠨᠢᠭᠲᠠ ᠪᠠᠶᠢᠷᠢᠯᠠᠭᠤᠯᠤᠨ ᠲᠤᠬᠢᠷᠠᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠵᠡᠯ ᠰᠠᠨᠠᠭ᠎ᠠ ᠦᠢᠯᠡ | ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠤ᠂ ᠤᠯᠠᠨ ᠤᠳᠠᠭ᠎ᠠ ᠬᠤᠷᠠᠯ ᠬᠢᠵᠦ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠠᠵᠢᠯ ᠢ ᠲᠤᠬᠢᠷᠠᠭᠤᠯᠪᠠ᠃ | ᠬᠤᠶᠠᠷ ᠲᠤ ᠵᠠᠷᠤᠳᠠᠯ ᠮᠦᠩᠭᠦ ᠶᠢᠨ ᠤᠷᠤᠭᠤᠯᠤᠯᠲᠠ ᠶᠢ ᠨᠡᠮᠡᠭᠳᠡᠭᠦᠯᠪᠡ᠃ ᠰᠠᠯᠠᠭ᠎ᠠ ᠮᠦᠴᠢᠷ ᠤᠨ ᠡᠭᠦᠷᠭᠡ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠦᠷᠦ ᠬᠠᠤᠯᠢ ᠴᠠᠭᠠᠵᠠ᠂ ᠲᠤᠲᠤᠭᠠᠳᠤ ᠶᠢ | ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠤᠨ ᠵᠠᠷᠦᠳᠠᠯ ᠢ ᠭᠤᠤᠯᠳᠠᠯᠭ᠎ᠠ ᠲᠠᠢ ᠪᠠᠲᠤᠯᠠᠪᠠ᠃ 2018 ᠤᠨ ᠳᠤ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠠᠵᠢᠯ ᠤᠨ ᠵᠠᠷᠤᠳᠠᠯ ᠮᠦᠩᠭᠦ ᠶᠢ 150 ᠲᠦᠮᠡᠨ | ᠲᠦᠭᠦᠷᠢᠭ ᠲᠤᠬᠢᠷᠠᠭᠤᠯᠵᠤ᠂ 2019 ᠤᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ | ᠵᠠᠷᠤᠳᠠᠯ ᠮᠦᠩᠭᠦ ᠶᠢ 360 ᠲᠦᠮᠡᠨ ᠲᠦᠭᠦᠷᠢᠭ ᠴᠤᠭᠯᠠᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠳᠤ ᠬᠦᠴᠦᠨ ᠲᠠᠢ ᠪᠦᠬᠦᠢ ᠪᠡᠯᠡ ᠮᠦᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠭᠤᠷᠪᠠ ᠳᠤ ᠪᠡᠯᠡ ᠮᠦᠩᠭᠦᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠪᠠ᠃ ᠬᠠᠷ᠎ᠠ ᠪᠦᠯᠦᠭᠲᠡᠨ ᠬᠠᠷᠬᠢᠰ | ᠬᠦᠴᠦᠨ ᠢ ᠠᠷᠢᠯᠭᠠᠬᠤ ᠪᠡᠯᠡ ᠮᠦᠩᠭᠦ ᠶᠢ ᠠᠵᠢᠯ ᠤᠨ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠠᠵᠠᠷ ᠲᠤ | ᠬᠡᠷᠡᠭᠯᠡᠬᠦ ᠶᠢ ᠪᠠᠲᠤᠯᠠᠬᠤ ᠶᠢᠨ ᠲᠤᠰᠠᠳᠠ᠂ ᠵᠠᠰᠠᠭ ᠤᠨ ᠤᠷᠳᠤᠨ ᠬᠤᠳᠠᠯᠳᠤᠨ ᠠᠪᠬᠤ᠂ ᠤᠯᠤᠰ ᠤᠨ ᠬᠦᠮᠦᠷᠭᠡ ᠠᠴᠠ | ᠲᠦᠪᠯᠡᠷᠡᠭᠦᠯᠦᠨ ᠦᠭᠬᠦ ᠵᠡᠷᠭᠡ ᠳᠦᠷᠢᠮ ᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠵᠤ᠂ ᠵᠠᠷᠤᠯᠭ᠎ᠠ ᠶᠢᠨ ᠠᠬᠢᠴᠠ ᠶᠢ | ᠲᠠᠰᠤᠷᠠᠯᠲᠠ ᠦᠭᠡᠢ ᠲᠦᠷᠭᠡᠳᠬᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠡᠯ᠎ᠡ ᠲᠦᠷᠦᠯ ᠤᠨ ᠪᠡᠯᠡ | ᠮᠦᠩᠭᠦ ᠶᠢ ᠴᠠᠭ ᠳᠠᠷᠤᠢ ᠳᠤᠨᠢ ᠪᠠᠭᠤᠯᠭᠠᠵᠤ ᠦᠭᠬᠦ ᠶᠢ ᠪᠠᠲᠤᠯᠠᠵᠤ᠂ ᠪᠡᠯᠡ ᠮᠦᠩᠭᠦ ᠶᠢᠨ ᠲᠤᠨᠤᠬᠤ ᠪᠠ ᠰᠤᠯᠠ | ᠲᠠᠯᠪᠢᠭᠳᠠᠬᠤ ᠶᠢ ᠰᠡᠷᠭᠡᠶᠢᠯᠡᠪᠡ︔ ᠬᠢᠨᠠᠯᠲᠠ ᠪᠠᠶᠢᠴᠠᠭᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠳ᠋ ᠤᠨ | ᠵᠠᠰᠠᠭ ᠤᠨ ᠠᠵᠤ ᠠᠬᠤᠢ ᠶᠢᠨ ᠰᠠᠬᠢᠯᠭ᠎ᠠ ᠶᠢᠨ ᠳᠦᠷᠢᠮ ᠢ ᠴᠢᠩᠳᠠᠯᠠᠵᠤ᠂ ᠡᠳ᠋ ᠤᠨ ᠵᠠᠰᠠᠭ ᠤᠨ ᠪᠡᠯᠡ ᠮᠦᠩᠭᠦ ᠶᠢ | ᠡᠵᠡᠯᠡᠨ ᠬᠡᠷᠡᠭᠯᠡᠬᠦ ᠨᠡᠭᠦᠯᠭᠡᠨ ᠬᠡᠷᠡᠭᠯᠡᠬᠦ ᠪᠠ ᠪᠦᠷᠢᠯᠭᠡᠨ ᠰᠦᠢᠳᠬᠡᠬᠦ ᠵᠡᠷᠭᠡ ᠦᠢᠯᠡ ᠠᠵᠢᠯᠯᠠᠭ᠎ᠠ ᠶᠢ ᠡᠷᠡᠰ | ᠲᠦᠭᠵᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠳᠤ ᠮᠠᠰᠢ ᠶᠡᠭᠡ ᠦᠢᠯᠡᠳᠦᠯ ᠦᠵᠡᠭᠦᠯᠪᠡ᠃ | |