ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠠᠷᠢᠶᠠᠯᠠᠩ ᠦᠢᠯᠡᠰ ᠤᠨ ᠡᠵᠡᠩᠨᠡᠯᠲᠡ ᠶᠢᠨ ᠭᠤᠤᠯ ᠴᠤᠭᠴᠠ ᠎ ᠨᠢ ᠮᠠᠯᠴᠢᠨ ᠲᠠᠷᠢᠶᠠᠴᠢᠨ ᠤ ᠤᠷᠤᠯᠭ᠎ᠠ ᠶᠢ ᠨᠢ ᠲᠤᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2019/12/11
     ᠡᠨᠡ ᠵᠢᠯ᠂ ᠪᠤᠭᠤᠲᠤ ᠬᠤᠲᠠ ᠶᠢᠨ ᠵᠢᠦ ᠶᠤᠸᠠᠨ ᠲᠤᠭᠤᠷᠢᠭ ᠮᠠᠯᠴᠢᠨ ᠲᠠᠷᠢᠶᠠᠴᠢᠨ ᠤ ᠬᠤᠷᠰᠢᠶ᠎ᠠ ︽ᠬᠤᠭᠤᠰᠤᠨ ᠬᠤᠷᠰᠢᠶ᠎ᠠ︾᠎ ᠶᠢ ᠴᠡᠪᠡᠷᠯᠡᠨ ᠢᠯᠭᠠᠷᠠᠭᠤᠯᠬᠤ ᠠᠵᠢᠯ ᠢ ᠢᠳᠡᠪᠬᠢᠲᠠᠢ ᠦᠷᠨᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ ᠶᠢ ᠤᠯᠠᠮ ᠰᠢᠯᠢᠳᠡᠭᠵᠢᠭᠦᠯᠪᠡ᠂ ᠤᠳᠤ ᠠᠵᠤ ᠦᠢᠯᠡᠰᠵᠢᠭᠦᠯᠦᠭᠰᠡᠨ  ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ 39᠂ ᠳᠠᠩᠰᠠᠯᠠᠭᠤᠯᠤᠭᠰᠠᠨ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ 505᠂ ᠵᠤᠬᠢᠶᠠᠨ ᠪᠠᠶᠢᠭᠤᠯᠤᠭᠳᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠭᠰᠡᠨ ᠬᠤᠷᠰᠢᠶ᠎ᠠ 8᠂ ᠦᠨᠡᠮᠰᠢᠭᠳᠡᠭᠰᠡᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 25 ᠪᠠᠶᠢᠵᠤ᠂ ᠪᠤᠷᠤᠯᠠᠭᠤᠯᠭ᠎ᠠ ᠶᠢᠨ ᠤᠷᠤᠯᠭ᠎ᠠ ᠶᠢ 2.8 ᠳ᠋ᠦᠩᠰᠢᠭᠤᠷ ᠲᠦᠭᠦᠷᠢᠭ ᠪᠡᠶᠡᠯᠡᠭᠦᠯᠪᠡ᠃      ᠳᠠᠭᠠᠭᠤᠯᠤᠭᠴᠢ ᠠᠵᠤ ᠠᠬᠤᠶᠢᠯᠠᠯ ︵ᠬᠤᠷᠰᠢᠶ᠎ᠡ︶᠎ ᠢ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠤᠭᠠᠲᠤ ᠲᠤᠭᠲᠠᠯᠴᠠᠭ᠎ᠠ ᠲᠠᠢ ᠤᠯᠠᠮ ᠨᠢᠭᠡ ᠠᠯᠬᠤᠮ ᠨᠢᠭᠲᠠᠷᠠᠭᠤᠯᠬᠤ ᠶᠢᠨ ᠲᠤᠰᠠᠳᠠ᠂ ᠵᠢᠦ ᠶᠤᠸᠠᠨ ᠲᠤᠭᠤᠷᠢᠭ ᠨᠢᠭᠡᠨᠲᠡ ᠪᠦᠷᠢᠯᠳᠦᠭᠰᠡᠨ ᠲᠠᠪᠤᠨ ᠵᠦᠢᠯ ᠤᠨ ᠠᠰᠢᠭ ᠲᠤᠰᠠ ᠶᠢᠨ ᠬᠤᠯᠪᠤᠭᠠᠲᠤ ᠲᠤᠭᠲᠠᠯᠴᠠᠭ᠎ᠠ ᠶᠢᠨ ᠬᠡᠪ ᠵᠠᠭᠪᠤᠷ ᠢ ᠢᠳᠡᠪᠬᠢᠲᠠᠢ ᠪᠠᠷ ᠲᠡᠯᠭᠡᠷᠡᠭᠦᠯᠦᠨ᠂ 1.3 ᠲᠦᠮᠡᠨ ᠡᠷᠦᠬᠡ ᠶᠢ ᠲᠤᠭᠲᠠᠪᠤᠷᠢᠲᠠᠢ ᠨᠦᠯᠦᠭᠡᠯᠡᠨ ᠳᠠᠶᠢᠴᠢᠯᠠᠵᠤ᠂ ᠡᠷᠦᠬᠡ ᠪᠦᠷᠢ ᠶᠢᠨ ᠳᠤᠮᠳᠠᠴᠢ ᠤᠷᠤᠯᠭ᠎ᠠ ᠶᠢᠨ ᠨᠡᠮᠡᠭᠳᠡᠯ ᠨᠢ 5500 ᠲᠦᠭᠦᠷᠢᠭ ᠲᠤ ᠬᠦᠷᠴᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠳᠠᠶᠢᠴᠢᠯᠠᠨ ᠳᠠᠭᠠᠭᠤᠯᠬᠤ ᠴᠢᠳᠠᠪᠤᠷᠢ ᠢᠳᠡᠭ ᠢᠳᠡᠭ ᠢᠶᠠᠷ ᠳᠡᠭᠡᠭᠰᠢᠯᠡᠨ᠂ ᠮᠠᠯᠴᠢᠨ ᠲᠠᠷᠢᠶᠠᠴᠢᠨ ᠤ ᠤᠷᠤᠯᠭ᠎ᠠ  ᠢᠯᠡᠳᠲᠡ ᠨᠡᠮᠡᠭᠳᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号