ᠪᠠᠶᠠᠨᠨᠠᠭᠤᠷ ᠬᠤᠲᠠ ᠳᠤ ᠪᠦᠬᠦ ᠤᠯᠤᠰ ᠤᠨ ︽ᠨᠢᠭᠡ ᠲᠤᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠲᠤᠰᠬᠤᠨ ᠪᠠᠯᠭᠠᠰᠤ ᠬᠤᠶᠠᠷ ᠨᠡᠮᠡᠭᠳᠡᠪᠡ
ᠨᠡᠶᠢᠲᠡᠯᠡᠭᠰᠡᠨ ᠴᠠᠭ᠄
2019/12/11
     ᠡᠨᠡ ᠵᠢᠯ᠂ ᠪᠠᠶᠠᠨᠨᠠᠭᠤᠷ ᠬᠤᠲᠠ ᠶᠢᠨ ᠬᠠᠨᠭ᠍ᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤ᠂ ᠰᠠᠨ ᠳ᠋ᠣᠣ ᠴᠢᠶᠣᠣ ᠪᠠᠯᠭᠠᠰᠤ ᠶᠢᠨ ᠾᠧ ᠫᠢᠩ ᠲᠤᠰᠬᠤᠨ ︵ᠠᠮᠲᠠᠲᠤ ᠭᠤᠸᠠ︶ ᠪᠣᠯᠤᠨ ᠤᠷᠠᠳ ᠤᠨ ᠲᠤᠮᠳᠠᠲᠤ ᠬᠤᠰᠢᠭᠤᠨ ᠤ ᠳᠠᠯ ᠠᠭᠤᠯᠠ ᠪᠠᠯᠭᠠᠰᠤ ᠶᠢᠨ ᠰᠤᠳᠠᠯ ᠭᠠᠴᠠᠭ᠎ᠠ ︵ᠯᠤᠬᠠᠱᠸᠡᠭ︶᠎ ᠨᠢ ᠬᠦᠳᠡᠭᠡ ᠠᠵᠦ ᠠᠬᠤᠢ ᠶᠢᠨ ᠶᠠᠮᠤᠨ ᠳᠤ ᠶᠢᠰᠦᠳᠦᠭᠡᠷ ᠪᠦᠯᠦᠭ ᠤᠨ ᠪᠦᠭᠦ ᠤᠯᠤᠰ ᠤᠨ ︽ᠨᠢᠭᠡ ᠲᠤᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠲᠤᠰᠬᠤᠨ ᠪᠠᠯᠭᠠᠰᠤ ᠪᠠᠷ ᠦᠨᠡᠯᠡᠭᠳᠡᠪᠡ᠃     ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠣᠲᠣ ᠦᠶ᠎ᠡ ᠶᠢᠨ ᠲᠠᠷᠢᠶᠠᠯᠡᠩ ᠮᠠᠯ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠣᠨᠴᠠᠯᠢᠭᠲᠤ᠂ ᠪᠣᠬᠢᠷᠲᠤᠯ ᠦᠭᠡᠢ᠂ ᠠᠮᠢ ᠠᠬᠤᠢ ᠶᠢᠨ ᠲᠠᠷᠢᠶᠠᠯᠡᠩ ᠮᠠᠯ ᠠᠵᠦ ᠠᠬᠤᠢ ᠶᠢ ᠬᠦᠭᠵᠢᠭᠦᠯᠬᠦ ᠪᠠᠷ ᠭᠤᠣᠯᠲᠠᠯᠭ᠎ᠠ ᠪᠣᠯᠭᠠᠨ᠂ ᠲᠠᠷᠢᠶᠠᠯᠡᠩ ᠮᠠᠯ ᠠᠵᠦ ᠠᠬᠤᠢ ᠶᠢᠨ ᠠᠵᠦ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠪᠠ ᠮᠠᠯᠴᠢᠨ ᠲᠠᠷᠢᠶᠠᠴᠢᠨ ᠤ ᠣᠷᠤᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠦ᠂ ︽ᠨᠢᠭᠡ ᠲᠤᠰᠬᠤᠨ ᠨᠢᠭᠡ ᠦᠢᠯᠡᠳᠬᠦᠨ︾᠎ ᠤ ᠠᠵᠦ ᠦᠢᠯᠡᠰ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠭᠡᠳ ᠢᠯᠡᠷᠬᠡᠢ ᠦᠷ᠎ᠡ ᠪᠦᠲᠦᠮᠵᠢ ᠣᠯᠪᠠ᠃ ᠣᠲᠤᠬᠠᠨ ᠳᠤ᠂ ᠪᠦᠭᠦ ᠬᠤᠲᠠ ᠳᠤ ᠨᠡᠶᠢᠲᠡ 10 ᠲᠤᠰᠬᠤᠨ᠂ 1 ᠪᠠᠯᠭᠠᠰᠤ ᠨᠢ ᠪᠦᠭᠦ ᠤᠯᠤᠰ ᠤᠨ ︽ᠨᠢᠭᠡ ᠲᠤᠰᠬᠤᠨ ᠨᠢᠭᠡ ᠦᠢᠯᠡᠳᠬᠦᠨ︾᠎ ᠤ ᠵᠢᠱᠢᠶ᠎ᠡ ᠦᠵᠡᠭᠦᠯᠬᠦ ᠲᠤᠰᠬᠤᠨ ᠪᠠᠯᠭᠠᠰᠤ ᠪᠠᠷ ᠦᠨᠡᠯᠡᠭᠳᠡᠪᠡ᠂ ᠡᠨᠡ ᠨᠢ ᠲᠤᠰ ᠲᠤᠰ ᠬᠠᠨᠭ᠍ᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤ ᠶᠢᠨ ᠵᠦᠡᠭ ᠨᠠᠨ ᠴᠢᠤᠢ ᠲᠤᠰᠬᠤᠨ ︵ᠪᠣᠬᠢᠷᠲᠤᠯ ᠦᠭᠡᠢ ᠢᠳᠡᠰᠢᠨ ᠨᠣᠭᠤᠭ᠎ᠠ︶᠂ ᠳ᠋ᠸᠡᠭᠺᠸᠦ ᠰᠢᠶᠠᠨ ᠤ ᠯᠦᠡᠭ ᠱᠸᠡᠭ ᠾᠧ ᠪᠠᠯᠭᠠᠰᠤᠨ ᠤ ᠰᠢᠨ ᠳ᠋ᠢ ᠲᠤᠰᠬᠤᠨ ︵ᠠᠮᠲᠠᠲᠤ ᠭᠤᠸᠠ︶᠂ ᠯᠢᠨᠾᠧ ᠲᠣᠭᠤᠷᠢᠭ ᠤᠨ ᠪᠠ ᠢ ᠰᠢᠶᠠᠩ ᠤᠨ ᠯᠢᠶᠠᠨ ᠹᠸᠡᠭ ᠲᠤᠰᠬᠤᠨ ︵ᠴᠢᠨᠠᠷ ᠰᠠᠶᠢᠲᠠᠢ ᠠᠮᠲᠠᠲᠤ ᠭᠤᠸᠠ︶᠂ ᠦᠶᠤᠸᠠᠨ ᠰᠢᠶᠠᠨ ᠤ ᠱᠸᠡᠭ ᠹᠸᠡᠭ ᠪᠠᠯᠭᠠᠰᠤ ᠶᠢᠨ ᠰᠢᠨ ᠬᠤᠨᠭ᠌ ᠲᠤᠰᠬᠤᠨ ︵ᠳ᠋ᠸᠡᠭᠯᠦ ᠬᠤᠨᠭ᠌ ᠰᠢᠶᠠᠩ ᠭᠤᠸᠠ︶᠂ ᠯᠢᠨᠾᠧ ᠲᠣᠭᠤᠷᠢᠭ ᠤᠨ ᠰᠢᠨᠬᠤᠸᠠ ᠪᠠᠯᠭᠠᠰᠤ ᠶᠢᠨ ᠰᠢᠨ ᠹᠸᠡᠭ ᠲᠤᠰᠬᠤᠨ ︵ᠭᠤᠭᠤᠳ︶᠂ ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠸᠡᠭ ᠪᠠᠯᠭᠠᠰᠤ ︵ᠴᠢᠨ᠋ᠸ᠎ᠠ ᠶᠢᠨ ᠬᠠᠷᠮᠠᠭ︶᠂ ᠦᠶᠤᠸᠠᠨ ᠰᠢᠶᠠᠨ ᠤ ᠯᠦᠡᠭ ᠰᠢᠩ ᠴᠠᠩ ᠪᠠᠯᠭᠠᠰᠤ ᠶᠢᠨ ᠯᠢᠶᠠᠨ ᠾᠧ ᠲᠤᠰᠬᠤᠨ ︵ᠦᠶᠤᠸᠠᠨ ᠰᠢᠷ᠎ᠠ ᠱᠠᠪᠲᠠᠯ᠎ᠠ︶᠂ ᠤᠷᠠᠳ ᠤᠨ ᠲᠤᠮᠳᠠᠲᠤ ᠬᠤᠰᠢᠭᠤᠨ ᠤ ᠣᠡᠭᠭᠤᠨ ᠪᠠᠯᠭᠠᠰᠤ ᠶᠢᠨ ᠠᠯᠲᠠᠨ ᠬᠤᠰᠢᠭᠤ ᠭᠠᠴᠠᠭ᠎ᠠ ︵ᠬᠤᠶᠠᠷ ᠪᠣᠭᠲᠠ ᠠᠭᠤᠯᠠ ᠶᠢᠨ ᠴᠠᠭᠠᠨ ᠨᠣᠣᠯᠤᠷᠲᠤ ᠢᠮᠠᠭ᠎ᠠ︶᠂ ᠤᠷᠠᠳ ᠤᠨ ᠬᠤᠶᠢᠲᠤ ᠬᠤᠰᠢᠭᠤᠨ ᠤ ᠴᠤᠭ ᠦᠨᠳᠦᠷ ᠪᠠᠯᠭᠠᠰᠤ ᠶᠢᠨ ᠰᠢᠨ᠎ᠡ ᠤᠰᠤ ᠭᠠᠴᠠᠭ᠎ᠠ ︵ᠭᠤᠪᠢ ᠶᠢᠨ ᠤᠯᠠᠭᠠᠨ ᠲᠡᠮᠡᠭᠡ︶᠂ ᠬᠠᠨᠭ᠍ᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤ᠂ ᠰᠠᠨ ᠳ᠋ᠣᠣ ᠴᠢᠶᠣᠣ ᠪᠠᠯᠭᠠᠰᠤ ᠶᠢᠨ ᠾᠧ ᠫᠢᠩ ᠲᠤᠰᠬᠤᠨ ︵ᠠᠮᠲᠠᠲᠤ ᠭᠤᠸᠠ︶᠂ ᠤᠷᠠᠳ ᠤᠨ ᠲᠤᠮᠳᠠᠲᠤ ᠬᠤᠰᠢᠭᠤᠨ ᠤ ᠳᠠᠯ ᠠᠭᠤᠯᠠ ᠪᠠᠯᠭᠠᠰᠤ ᠶᠢᠨ ᠰᠤᠳᠠᠯ ᠭᠠᠴᠠᠭ᠎ᠠ ︵ᠯᠤᠬᠠᠱᠸᠡᠭ︶ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号