ᠤᠯᠠᠭᠠᠨᠬᠠᠳᠠ ᠬᠤᠲᠠ ᠶᠢᠨ ᠬᠤᠲᠠ ᠶᠢᠨ ᠲᠦᠪ ᠲᠤᠭᠤᠷᠢᠭ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠨᠢᠭᠡ  ᠴᠤᠭᠴᠠᠵᠢᠯᠲᠠ ᠶᠢᠨ ᠲᠦᠷᠦᠯ ᠵᠦᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2019/12/11
     ᠤᠯᠠᠭᠠᠨᠬᠠᠳᠠ ᠬᠤᠲᠠ ᠢᠯᠡ ᠪᠠᠷ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠭᠤᠯᠤᠨ ᠤᠯᠤᠰ ᠤᠨ ᠳᠤᠲᠤᠭᠠᠲᠤ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ — ᠪᠡᠭᠡᠵᠢᠩ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠢᠨᠵᠧᠨᠧᠷᠢᠩ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠴᠢᠤᠸᠠᠨ ᠽᠢ ᠬᠤᠪᠢᠶᠠᠷᠢ ᠺᠤᠮᠫᠠᠨᠢ ᠶᠢᠨ ᠪᠡᠭᠡᠵᠢᠩ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠢᠵᠠᠭᠠᠷᠲᠤ ᠺᠤᠮᠫᠠᠨᠢ ᠶᠢ ᠤᠷᠢᠨ ᠠᠪᠴᠢᠷᠠᠵᠤ ᠤᠯᠠᠭᠠᠨᠬᠠᠳᠠ ᠬᠤᠲᠠ ᠶᠢᠨ ᠬᠤᠲᠠ ᠶᠢᠨ ᠲᠦᠪ ᠲᠤᠭᠤᠷᠢᠭ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯ ᠢ ᠡᠭᠦᠷᠭᠡᠯᠡᠭᠦᠯᠪᠡ᠃ ᠲᠦᠷᠦᠯ ᠵᠦᠢᠯ ᠤᠨ ᠦᠢᠯᠡᠴᠢᠯᠡᠭᠡᠨ ᠤ ᠲᠠᠯᠠᠪᠠᠢ ᠨᠢ 2143 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ 352 ᠨᠡᠶᠢᠲᠡ ᠶᠢᠨ ᠵᠤᠷᠯᠤᠩ ᠢ ᠡᠵᠡᠩᠨᠡᠨ᠂ ᠨᠡᠶᠢᠲᠡ ᠶᠢᠨ ᠵᠡᠭᠡᠯᠢ ᠭᠤᠲᠤᠮᠵᠢ  ᠪᠦᠬᠦᠨ ᠢ ᠴᠡᠪᠡᠷᠯᠡᠵᠦ᠂ ᠵᠢᠯ ᠳᠤ 36 ᠲᠦᠮᠡᠨ ᠲᠤᠨ ᠬᠤᠭ ᠨᠤᠪᠰᠢ ᠶᠢ ᠲᠡᠭᠡᠭᠡᠵᠦ ᠠᠷᠢᠯᠭᠠᠪᠠ᠃ ᠦᠢᠯᠡᠴᠢᠯᠡᠭᠡᠨ ᠤ ᠠᠭᠤᠯᠭ᠎ᠠ ᠳᠤ ᠵᠠᠮ ᠪᠠ ᠤᠯᠠᠨ ᠨᠡᠶᠢᠲᠡ ᠶᠢᠨ ᠭᠠᠵᠠᠷ ᠢ ᠴᠡᠪᠡᠷᠯᠡᠨ ᠠᠷᠢᠭᠤᠳᠬᠠᠬᠤ᠂ ᠡᠪᠤᠯ ᠤᠨ ᠤᠯᠠᠷᠢᠯ ᠳᠤ ᠴᠠᠰᠤ ᠠᠷᠢᠯᠭᠠᠬᠤ᠂ ᠬᠤᠭ ᠨᠤᠪᠰᠢ ᠴᠤᠭᠯᠠᠭᠤᠯᠤᠨ ᠲᠡᠭᠡᠭᠡᠪᠦᠷᠢᠯᠡᠬᠦ ᠵᠢᠴᠢ ᠬᠠᠮᠢᠶ᠎ᠠ ᠪᠦᠬᠦᠢ ᠪᠡᠯᠡᠳᠭᠡᠮᠵᠢ ᠶᠢ ᠡᠵᠡᠩᠨᠡᠨ ᠬᠠᠮᠠᠭᠠᠯᠠᠬᠤ᠂ ᠤᠷᠤᠨ ᠪᠦᠰᠡ ᠶᠢᠨ ᠳᠤᠲᠤᠷᠠᠬᠢ ᠨᠡᠶᠢᠲᠡ ᠶᠢᠨ ᠵᠤᠷᠯᠤᠩ ᠢ ᠡᠵᠡᠩᠨᠡᠨ ᠬᠠᠮᠠᠭᠠᠯᠠᠬᠤ᠂ ᠦᠢᠯᠡᠴᠢᠯᠡᠭᠡᠨ ᠤ ᠬᠤᠭᠤᠴᠠᠭᠠᠨ ᠳᠠᠬᠢ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠪᠠ ᠲᠣᠮᠣ ᠬᠡᠯᠪᠡᠷᠢ ᠶᠢᠨ ᠠᠵᠢᠯᠯᠠᠭ᠎ᠠ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠶᠢ ᠪᠠᠭᠲᠠᠭᠠᠵᠠᠢ᠃ ᠦᠨᠦ ᠪᠤᠯᠬᠤ ᠳᠤ᠂ ᠬᠤᠲᠠ ᠶᠢᠨ ᠲᠦᠪ ᠲᠤᠭᠤᠷᠢᠭ ᠤᠨ ᠮᠧᠬᠠᠨᠢᠭᠴᠢᠯᠠᠭᠰᠠᠨ ᠴᠡᠪᠡᠷᠯᠡᠯᠲᠡ ᠶᠢᠨ ᠨᠤᠷᠮ᠎ᠠ 73.46% ᠪᠤᠯᠵᠤ᠂ ᠵᠡᠭᠡᠯᠢ ᠭᠤᠲᠤᠮᠵᠢ ᠶᠢᠨ ᠴᠡᠪᠡᠷ ᠳᠡᠭᠰᠢ ᠪᠠᠶᠢᠬᠤ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠨ᠂ ᠬᠤᠲᠠ ᠶᠢᠨ ᠲᠦᠪ ᠲᠤᠭᠤᠷᠢᠭ ᠤᠨ ᠮᠦᠬᠦᠯᠢᠭ ᠡᠳ᠋ ᠢ  ᠰᠣᠷᠣᠬᠤ ︵PM10︶ ᠦᠳᠭᠡᠴᠡ ᠠᠳᠠᠯᠢ ᠬᠤᠭᠤᠴᠠᠭᠠᠨ ᠤ ᠬᠢ ᠠᠴᠠ 36.81% ᠪᠠᠭᠤᠷᠠᠵᠤ᠂ ᠤᠯᠠᠨ ᠲᠦᠮᠡᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯ ᠤᠨ ᠶᠠᠰᠤ ᠴᠢᠨᠠᠷ ᠲᠤ ᠲᠠᠭᠠᠯᠠᠮᠵᠢᠲᠠᠢ ᠪᠠᠶᠢᠬᠤ ᠬᠡᠮᠵᠢᠶ᠎ᠡ ᠢᠯᠡᠳᠲᠡ ᠳᠡᠭᠡᠭᠰᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号