2019 ᠤᠨ ᠳᠤ᠂ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠠᠵᠤ ᠦᠢᠯᠡᠳᠪᠦᠷᠢ ᠶᠢᠨ ᠠᠵᠤ ᠠᠬᠤᠢ ᠨᠡᠮᠡᠭᠳᠡᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠠᠯᠬᠤᠴᠠ ᠶᠢ ᠲᠦᠷᠭᠡᠳᠬᠡᠬᠦ ᠵᠡᠷᠭᠡ ᠤᠯᠠᠭᠠᠨᠬᠠᠳᠠ ᠬᠤᠲᠠ ᠶᠢᠨ ᠠᠵᠤ ᠠᠬᠤᠢ ᠶᠢᠨ ᠬᠦᠭᠵᠢᠯᠲᠡ ᠶᠢ | ᠠᠬᠢᠭᠤᠯᠬᠤ ᠬᠠᠷᠠᠯᠲᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠪᠡᠯᠡ | ᠮᠦᠩᠭᠦ ᠶᠢ ᠴᠢᠷᠮᠠᠶᠢᠨ ᠤᠯᠵᠤ᠂ ᠡᠯ᠎ᠡ ᠲᠦᠷᠦᠯ ᠤᠨ ᠠᠵᠢᠯ ᠢ ᠬᠢᠨᠠᠮᠠᠭᠠᠢ ᠦᠷᠨᠢᠭᠦᠯᠪᠡ᠃ | ᠨᠢᠭᠡ᠂ ᠤᠯᠠᠭᠠᠨᠬᠠᠳᠠ ᠬᠤᠲᠠ ᠶᠢᠨ ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠲᠡ ᠶᠢ ᠲᠦᠯᠬᠢᠨ | ᠠᠬᠢᠭᠤᠯᠪᠠ᠃ ᠵᠢᠯ ᠤᠨ ᠲᠤᠲᠤᠷ᠎ᠠ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠤ ᠦᠢᠯᠡᠰ ᠤᠨ | ᠬᠦᠭᠵᠢᠯᠲᠡ ᠶᠢᠨ ᠲᠤᠰᠬᠠᠢ ᠪᠡᠯᠡ ᠮᠦᠩᠭᠦ ᠶᠢ 4251 ᠲᠦᠮᠡᠨ ᠲᠦᠭᠦᠷᠢᠭ ᠤᠯᠵᠤ᠂ ᠭᠤᠤᠯᠳᠠᠭᠤ ᠮᠤᠩᠭᠤᠯ | ᠬᠢᠲᠠᠳ ᠡᠮ ᠤᠨ ᠠᠵᠤ ᠦᠢᠯᠡᠰ᠂ ᠪᠤᠬᠢᠷᠳᠤᠯ ᠦᠭᠡᠢ ᠦᠢᠯᠡᠳᠬᠦ᠂ ᠳᠤᠮᠳᠠ ᠪᠠᠭ᠎ᠠ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ᠂ ᠬᠦᠷᠢᠶ᠎ᠡ ᠬᠡᠪᠴᠢᠶ᠎ᠡ ᠪᠠᠨ ᠦᠷᠭᠡᠳᠬᠡᠬᠦ ᠵᠡᠷᠭᠡ 12 ᠲᠦᠷᠦᠯ ᠵᠦᠢᠯ ᠢ ᠳᠡᠮᠵᠢᠬᠦ | ᠳᠤ ᠬᠡᠷᠡᠭᠯᠡᠵᠦ᠂ ᠤᠯᠠᠭᠠᠨᠬᠠᠳᠠ ᠬᠤᠲᠠ ᠶᠢᠨ 48 ᠳᠤᠮᠳᠠ ᠪᠠᠭ᠎ᠠ ᠠᠵᠤ ᠠᠬᠤᠶᠢᠯᠠᠯ ᠳᠤ ᠠᠰᠢᠭ ᠬᠦᠷᠲᠡᠭᠡᠵᠦ᠂ | ᠳᠤᠮᠳᠠ ᠪᠠᠭ᠎ᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠪᠤᠬᠢᠷᠳᠤᠯ ᠦᠭᠡᠢ ᠬᠦᠭᠵᠢᠭᠦᠯᠬᠦ ᠶᠢ | ᠲᠦᠯᠬᠢᠨ ᠠᠬᠢᠭᠤᠯᠵᠤ᠂ ᠪᠦᠬᠦᠯᠢ ᠴᠤᠭᠴᠠ ᠶᠢᠨ ᠴᠢᠨᠠᠷ ᠴᠢᠨᠰᠠᠭ᠎ᠠ ᠪᠠ ᠠᠶᠤᠯ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠪᠠ ᠮᠡᠳᠡᠭᠡ | ᠵᠠᠩᠬᠢᠴᠢᠯᠠᠯᠲᠠ ᠶᠢᠨ ᠬᠢᠷᠢ ᠲᠦᠪᠰᠢᠨ ᠢ ᠵᠤᠬᠢᠬᠤ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠬᠤᠶᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠵᠦ ᠬᠦᠲᠦᠯᠦᠨ ᠵᠢᠯᠤᠭᠤᠳᠪᠠ᠃ ᠦᠪᠡᠷᠲᠡᠭᠡᠨ ᠵᠠᠰᠠᠬᠤ ᠤᠷᠤᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠭᠦᠯᠦᠯᠲᠡ ᠶᠢᠨ ᠲᠤᠰᠬᠠᠢ ᠪᠡᠯᠡ ᠮᠦᠩᠭᠦ ᠶᠢ 1674 | ᠲᠦᠮᠡᠨ ᠲᠦᠭᠦᠷᠢᠭ ᠤᠯᠵᠤ᠂ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ᠂ ᠶᠤᠸᠠᠨ ᠪᠤᠤ ᠱᠠᠨ ᠲᠤᠭᠤᠷᠢᠭ᠂ | ᠬᠡᠰᠢᠭᠲᠡᠨ ᠬᠤᠰᠢᠭᠤ᠂ ᠠᠤᠬᠠᠨ ᠬᠤᠰᠢᠭᠤᠨ ᠤ 4 ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤᠲᠤᠷᠠᠬᠢ | ᠰᠢᠭᠠᠷᠤ ᠶᠢᠨ ᠲᠠᠯᠠᠪᠠᠢ᠂ ᠪᠤᠬᠢᠷᠳᠦᠯ ᠤᠰᠤ ᠶᠢ ᠰᠢᠢᠳᠪᠦᠷᠢᠯᠡᠬᠦ᠂ ᠢᠯᠴᠢ ᠬᠠᠩᠭᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠴᠢᠨᠠᠷ | ᠰᠠᠶᠢᠲᠠᠢ ᠬᠦᠭᠵᠢᠯᠲᠡ ᠶᠢ ᠤᠯᠠᠮ ᠨᠢᠭᠡ ᠠᠯᠬᠤᠮ ᠳᠡᠮᠵᠢᠵᠤ ᠬᠦᠲᠦᠯᠦᠨ ᠵᠢᠯᠤᠭᠤᠳᠪᠠ᠃ | ᠭᠤᠷᠪᠠ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠬᠤ ᠳᠤ ᠬᠦᠴᠢᠷᠲᠠᠢ ᠪᠠᠶᠢᠬᠤ | ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠪᠡ᠃ ᠪᠡᠯᠡ ᠲᠤᠬᠢᠷᠠᠭᠤᠯᠬᠤ ᠳᠤ ᠬᠦᠴᠢᠷᠲᠠᠢ᠂ ᠪᠡᠯᠡ | ᠲᠤᠬᠢᠷᠠᠭᠤᠯᠬᠤ ᠳᠤ ᠦᠨᠡᠲᠡᠢ ᠪᠠᠶᠢᠬᠤ ᠪᠤᠯ ᠤᠯᠠᠭᠠᠨᠬᠠᠳᠠ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ | ᠬᠦᠭᠵᠢᠯᠲᠡ ᠶᠢ ᠬᠢᠵᠠᠭᠠᠷᠯᠠᠵᠤ ᠪᠠᠶᠢᠭ᠎ᠠ ᠴᠢᠬᠤᠯᠠ ᠰᠢᠯᠲᠠᠭᠠᠨ ᠤ ᠨᠢᠭᠡ ᠨᠢ ᠮᠦᠨ᠂ ᠪᠡᠯᠡ ᠲᠤᠬᠢᠷᠠᠭᠤᠯᠭ᠎ᠠ ᠶᠢᠨ | ᠳᠠᠭᠠᠭᠠᠯᠲᠠ ᠨᠢ ᠠᠵᠤ ᠠᠬᠤᠶᠢᠯᠠᠯ ᠪᠠ ᠪᠡᠯᠡ ᠮᠦᠩᠭᠦ ᠶᠢᠨ ᠳᠡᠮᠵᠢᠯᠭᠡ ᠶᠢᠨ ᠴᠢᠬᠤᠯᠠ ᠬᠦᠭᠦᠷᠭᠡ ᠪᠤᠯᠬᠤ ᠪᠦᠭᠡᠳ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠦᠷᠢᠯᠳᠦᠭᠦᠨ ᠬᠡᠰᠡᠭ ᠪᠤᠯᠤᠨ᠎ᠠ᠃ 2019 ᠤᠨ ᠳᠤ ᠤᠯᠠᠭᠠᠨᠬᠠᠳᠠ ᠬᠤᠲᠠ ᠦᠪᠡᠷᠲᠡᠭᠡᠨ ᠵᠠᠰᠠᠬᠤ ᠤᠷᠤᠨ ᠤ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠵᠠᠷᠤᠳᠠᠯ ᠪᠠᠭᠤᠷᠠᠭᠤᠯᠬᠤ | ᠱᠠᠩᠨᠠᠯ ᠨᠦᠬᠦᠪᠦᠷᠢ ᠶᠢᠨ ᠮᠦᠩᠭᠦ ᠶᠢ 759 ᠲᠦᠮᠡᠨ ᠲᠦᠭᠦᠷᠢᠭ ᠤᠯᠵᠤ᠂ ᠲᠤᠬᠠᠶᠢᠯᠠᠭᠰᠠᠨ ᠠᠵᠢᠯ ᠢ ᠳᠡᠳᠬᠦᠬᠦ᠂ | ᠪᠠᠲᠤᠯᠠᠭ᠎ᠠ ᠶᠢᠨ ᠵᠠᠷᠤᠳᠠᠯ ᠢ ᠨᠦᠬᠦᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠤᠯᠠᠭᠠᠨᠬᠠᠳᠠ ᠬᠤᠲᠠ ᠶᠢᠨ 4 ᠪᠡᠯᠡ | ᠲᠤᠬᠢᠷᠠᠭᠤᠯᠭ᠎ᠠ ᠶᠢᠨ ᠳᠠᠭᠠᠭᠠᠯᠲᠠ ᠶᠢᠨ ᠺᠤᠮᠫᠠᠨᠢ ᠳᠤ ᠱᠠᠩᠨᠠᠯ ᠨᠦᠬᠦᠪᠦᠷᠢ ᠶᠠᠪᠤᠭᠤᠯᠵᠤ᠂ ᠪᠡᠯᠡ ᠲᠤᠬᠢᠷᠠᠭᠤᠯᠭ᠎ᠠ ᠶᠢᠨ | ᠦᠪᠡᠷ ᠤᠨ ᠦᠷᠲᠡᠭ ᠢ ᠪᠠᠭᠤᠷᠠᠭᠤᠯᠤᠨ᠂ ᠠᠵᠤ ᠠᠬᠤᠢ ᠶᠢᠨ ᠰᠠᠶᠢᠨ ᠰᠠᠶᠢᠬᠠᠨ ᠬᠦᠭᠵᠢᠯᠲᠡ ᠶᠢ ᠠᠬᠢᠭᠤᠯᠪᠠ᠃ | ᠦᠪᠡᠷᠲᠡᠭᠡᠨ ᠵᠠᠰᠠᠬᠤ ᠤᠷᠤᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠪᠠᠲᠤᠯᠠᠭ᠎ᠠ ᠳᠤ ᠲᠤᠰᠠᠯᠠᠬᠤ | ᠮᠦᠩᠭᠦ ᠶᠢᠨ ᠵᠢᠭᠡᠯᠡᠯᠭᠡ︾ ᠶᠢᠨ ᠬᠦᠲᠦᠯᠦᠨ ᠵᠢᠯᠤᠭᠤᠳᠬᠤ ᠪᠡᠯᠡ ᠮᠦᠩᠭᠦ ᠶᠢ 1000 ᠲᠦᠮᠡᠨ ᠲᠦᠭᠦᠷᠢᠭ | ᠭᠤᠶᠤᠴᠢᠯᠠᠨ ᠤᠯᠵᠤ᠂ ︽ᠪᠠᠲᠤᠯᠠᠭ᠎ᠠ ᠳᠤ ᠲᠤᠰᠠᠯᠠᠬᠤ ᠮᠦᠩᠭᠦ ᠶᠢᠨ ᠵᠢᠭᠡᠯᠡᠯᠭᠡ︾ ᠶᠢᠨ ᠬᠠᠮᠲᠤᠷᠠᠯᠴᠠᠭᠠᠨ ᠤ | ᠲᠤᠭᠲᠠᠯᠴᠠᠭ᠎ᠠ ᠶᠢ ᠳᠡᠮᠵᠢᠬᠦ ᠳᠤ ᠬᠡᠷᠡᠭᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠤᠯᠭᠤᠬᠤ | ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠭᠡᠨ ᠤ | ᠦᠢᠯᠡᠳᠦᠯ ᠢ ᠪᠠᠳᠠᠷᠠᠭᠤᠯᠪᠠ᠃ |