ᠠᠯᠠᠱᠠ ᠠᠶᠢᠮᠠᠭ ᠵᠠᠯᠭᠠᠭ᠎ᠠ ᠪᠠᠷ 12 ᠵᠢᠯ ᠮᠣᠩᠭᠤᠯ ᠤᠯᠤᠰ ᠲᠤ ᠭᠦᠷᠭᠡᠭᠰᠡᠨ ᠴᠠᠬᠢᠯᠭᠠᠨ ᠬᠦᠴᠦᠨ ᠤ ᠶᠡᠷᠦᠩᠬᠡᠢ ᠬᠡᠮᠵᠢᠶ᠎ᠡ 1 ᠳ᠋ᠦᠡᠭᠰᠢᠭᠤᠷ ᠺᠢᠯᠤᠸᠠᠲ ᠴᠠᠭ ᠢ ᠳᠠᠪᠠᠪᠠ
ᠨᠡᠶᠢᠲᠡᠯᠡᠭᠰᠡᠨ ᠴᠠᠭ᠄
2019/12/13
     ᠡᠨᠠ ᠵᠢᠯ ᠠᠴᠠ ᠨᠠᠭᠠᠰᠢ᠂ ᠠᠯᠠᠱᠠ ᠠᠶᠢᠮᠠᠭ ᠴᠡᠭᠡ ᠪᠣᠭᠤᠮᠲᠡ ᠪᠠᠷ ᠳᠠᠮᠵᠢᠨ ᠮᠣᠩᠭᠤᠯ ᠤᠯᠤᠰ ᠲᠤ 2179.21 ᠺᠢᠯᠤᠸᠠᠲ ᠴᠠᠭ ᠴᠠᠬᠢᠯᠭᠠᠨ ᠬᠦᠴᠦᠨ ᠬᠠᠨᠭ᠍ᠭᠠᠵᠦ᠂ ᠠᠷᠠᠯᠵᠢᠶᠠᠨ ᠤ ᠲᠤᠭ᠎ᠠ ᠨᠢ 1199.78 ᠲᠦᠮᠡᠨ ᠲᠦᠭᠦᠷᠢᠭ ᠲᠤ ᠭᠦᠷᠴᠡᠢ᠃ ᠪᠦᠷᠢᠳᠭᠡᠯ ᠢ ᠦᠨᠳᠦᠰᠦᠯᠡᠪᠡᠯ᠂ 2007 ᠣᠨ ᠠᠴᠠ ᠨᠠᠭᠠᠰᠢ᠂ ᠠᠯᠠᠱᠠ ᠠᠶᠢᠮᠠᠭ ᠮᠣᠩᠭᠤᠯ ᠤᠯᠤᠰ ᠲᠤ ᠨᠡᠶᠢᠲᠡ 1.16 ᠳ᠋ᠦᠡᠭᠰᠢᠭᠤᠷ ᠺᠢᠯᠤᠸᠠᠲ ᠴᠠᠭ ᠴᠠᠬᠢᠯᠭᠠᠨ ᠬᠦᠷᠭᠡᠵᠦ᠂ ᠪᠠᠷᠠᠭ᠎ᠠ ᠶᠢᠨ ᠦᠷᠳᠡᠭ ᠨᠢ ᠨᠡᠶᠢᠲᠡ 6201.92 ᠲᠦᠮᠡᠨ ᠲᠦᠭᠦᠷᠢᠭ ᠲᠤ ᠭᠦᠷᠴᠡᠢ᠃      ᠣᠶᠢᠯᠠᠭᠠᠭᠰᠠᠨ ᠢᠶᠠᠷ᠂ ᠴᠡᠭᠡ ᠪᠣᠭᠤᠮᠲᠡ ᠤᠨ ᠮᠣᠩᠭᠤᠯ ᠤᠯᠤᠰ ᠲᠤ ᠴᠠᠬᠢᠯᠭᠠᠨ ᠭᠦᠴᠦᠨ ᠤ ᠭᠦᠷᠭᠡᠭᠰᠡᠨ ᠤ ᠢᠷᠡᠯᠲᠡ ᠨᠢ ᠪᠣᠯ ᠦᠪᠦᠷ ᠮᠣᠩᠭᠤᠯ ᠤᠨ ᠡᠵᠡᠨ᠎ᠡ ᠬᠤᠰᠢᠭᠤ ᠶᠢᠨ ᠴᠠᠬᠢᠯᠭᠠᠨ ᠤ ᠺᠤᠮᠫᠠᠨᠢ ᠪᠣᠯᠤᠨ᠎ᠠ᠃ 2007 ᠣᠨ ᠠᠴᠠ ᠨᠠᠭᠠᠰᠢ᠂ ᠴᠠᠬᠢᠯᠭᠠᠨ ᠬᠠᠨᠭ᠍ᠭᠠᠬᠤ ᠬᠡᠮᠵᠢᠶ᠎ᠡ ᠨᠢ 2013 ᠣᠨ ᠳᠤ ᠪᠠᠭ᠎ᠠ ᠪᠠᠭᠤᠷᠠᠭᠰᠠᠨ ᠢ ᠭᠠᠷᠭᠠᠪᠡᠯ᠂ ᠪᠣᠰᠤᠳ ᠵᠢᠯ ᠳᠤ ᠴᠦᠮ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠴᠠᠬᠢᠯᠭᠠᠨ ᠭᠦᠴᠦᠨ ᠤ ᠬᠠᠨᠭ᠍ᠭᠠᠯᠭ᠎ᠠ ᠬᠦᠯᠢᠶᠡᠬᠦ ᠡᠳᠡᠭᠡᠳ ᠨᠢ ᠮᠣᠩᠭᠤᠯ ᠤᠯᠤᠰ ᠤᠨ ᠡᠯ᠎ᠡ ᠬᠠᠮᠲᠤᠷᠡᠨ ᠪᠠᠶᠢᠴᠠᠭᠠᠬᠤ ᠨᠢᠭᠡᠴᠢ᠂ ᠮᠣᠩᠭᠤᠯ ᠤᠯᠤᠰ ᠤᠨ ᠭᠤᠷᠪᠡᠨ ᠰᠤᠮᠤᠨ ᠤ ᠬᠢᠯᠢ ᠶᠢᠨ ᠢᠷᠭᠡᠨ ᠵᠢᠴᠢ ᠮᠣᠩᠭᠤᠯ ᠤᠯᠤᠰ ᠤᠨ ᠲᠦᠷᠪᠡᠨ ᠶᠡᠭᠡ ᠠᠭᠤᠷᠬᠠᠢ ᠶᠢᠨ ᠴᠣᠨᠤᠭ ᠪᠣᠯᠤᠨ᠎ᠠ᠃ ᠮᠣᠩᠭᠤᠯ ᠤᠯᠤᠰ ᠲᠤ ᠴᠠᠬᠢᠯᠭᠠᠨ ᠭᠦᠴᠦᠨ ᠬᠠᠨᠭ᠍ᠭᠠᠬᠤ ᠨᠢ ᠲᠤᠮᠲᠠᠲᠤ ᠮᠣᠩᠭᠤᠯ ᠤᠨ ᠬᠠᠷᠢᠯᠴᠡᠨ ᠬᠤᠯᠪᠤᠭᠠᠯᠠᠵᠦ ᠬᠠᠷᠢᠯᠴᠡᠨ ᠨᠡᠪᠲᠡᠷᠡᠯᠴᠡᠬᠦ ᠶᠢ ᠠᠬᠢᠭᠤᠯᠬᠤ᠂ ᠬᠠᠮᠲᠤᠷᠠᠯᠴᠠᠭᠠᠨ ᠤ ᠢᠲᠡᠭᠡᠯᠴᠡᠭᠡ ᠪᠠᠨ ᠴᠢᠩᠭᠠᠳᠬᠠᠬᠤ᠂ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠬᠤ᠂ ᠲᠤᠮᠲᠠᠲᠤ ᠮᠣᠩᠭᠤᠯ ᠬᠤᠶᠠᠷ ᠲᠠᠯ᠎ᠠ ᠶᠢᠨ ᠬᠠᠷᠢᠯᠴᠠᠨ ᠠᠰᠢᠭ ᠬᠦᠷᠲᠡᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃       ᠬᠢᠨᠠᠨ ᠬᠠᠮᠢᠶᠠᠷᠬᠤ ᠰᠠᠯᠠᠭ᠎ᠠ ᠮᠦᠴᠢᠷ ᠤᠨ ᠨᠢᠭᠡ ᠪᠣᠯᠤᠭᠰᠠᠨ ᠤ ᠬᠤᠪᠢ ᠳᠤ᠂ ᠡᠵᠡᠨ᠎ᠡ ᠪᠣᠭᠤᠮᠲᠡ ᠨᠢ ᠴᠠᠬᠢᠯᠭᠠᠨ ᠬᠦᠴᠦᠨ ᠢ ᠲᠠᠰᠤᠯᠳᠠᠯ ᠦᠭᠡᠢ ᠭᠠᠳᠠᠭᠠᠲᠤ ᠳᠤ ᠭᠠᠷᠭᠠᠬᠤ ᠪᠠ ᠣᠨᠴᠠᠭᠠᠢ ᠲᠡᠭᠡᠭᠡᠪᠦᠷᠢ ᠶᠢᠨ ᠠᠷᠭ᠎ᠠ ᠬᠡᠯᠪᠡᠷᠢ ᠳᠤ ᠴᠢᠭᠯᠡᠭᠦᠯᠦᠨ᠂ ᠲᠤᠰᠬᠠᠢ ᠬᠦᠮᠦᠨ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠬᠦᠴᠦᠳᠡᠯ ᠦᠭᠡᠷᠡᠴᠢᠯᠡᠬᠦ ᠦᠷᠲᠡᠭᠡ ᠳᠤ ᠬᠦᠷᠴᠦ ᠮᠦᠷᠳᠡᠨ ᠬᠢᠨᠠᠨ ᠬᠠᠮᠢᠶᠠᠷᠴᠦ᠂ ᠭᠠᠳᠠᠭᠠᠲᠤ ᠳᠤ ᠴᠠᠬᠢᠯᠭᠠᠨ ᠬᠦᠴᠦᠨ ᠭᠠᠷᠭᠠᠬᠤ ᠬᠠᠭᠤᠳᠠᠰᠤ ᠪᠠᠷᠢᠮᠲᠠ ᠶᠢ ᠬᠢᠨᠠᠨ ᠬᠠᠷᠭᠤᠭᠤᠯᠬᠤ ᠶᠢ ᠴᠢᠩᠭᠠᠯᠠᠪᠠ᠂ ᠡᠭᠦᠨ ᠤ ᠬᠠᠮᠲᠤ ᠭᠠᠳᠠᠭᠠᠲᠤ ᠳᠤ ᠴᠠᠬᠢᠯᠭᠠᠨ ᠬᠦᠴᠦᠨ ᠭᠠᠷᠭᠠᠬᠤ ᠶᠢ ᠲᠣᠭᠲᠠᠮᠠᠯ ᠬᠤᠭᠤᠴᠠᠭ᠎ᠠ ᠲᠠᠢ ᠭᠤᠶᠤᠴᠢᠯᠠᠨ ᠮᠡᠳᠡᠭᠦᠯᠬᠦ ᠶᠢ ᠴᠢᠩᠭᠠᠳᠬᠠᠵᠦ᠂ ᠴᠠᠬᠢᠯᠭᠠᠨ ᠬᠦᠴᠦᠨ ᠳᠤ ᠠᠯᠪᠠᠳᠠᠯᠭ᠎ᠠ ᠪᠠᠷ ᠪᠣᠭᠤᠮᠲᠠ ᠶᠢᠨ ᠭᠠᠷᠳᠡᠮ ᠭᠦᠢᠴᠡᠳᠭᠡᠬᠦ ᠦᠢᠯᠡᠴᠢᠯᠡᠭᠡ ᠬᠠᠨᠭ᠍ᠭᠠᠨ᠂ ᠪᠣᠭᠤᠮᠲᠡ ᠪᠠᠷ ᠦᠡᠭᠭᠡᠷᠡᠬᠦ ᠶᠠᠪᠤᠴᠠ ᠶᠢ ᠳᠦᠭᠦᠮ ᠲᠦᠳᠡ ᠪᠣᠯᠭᠠᠵᠦ᠂ ᠬᠠᠷᠢᠶᠠᠲᠤ ᠣᠷᠤᠨ ᠤ ᠭᠠᠳᠠᠭᠠᠲᠤ ᠳᠤ ᠴᠠᠬᠢᠯᠭᠠᠨ ᠬᠦᠴᠦᠨ ᠭᠠᠷᠭᠠᠬᠤ ᠠᠵᠦ ᠠᠬᠤᠶᠢᠯᠠᠯ ᠤᠨ ︽ᠭᠠᠷᠭᠠᠵᠦ ᠳᠡᠶᠢᠯᠬᠦ︾ ᠪᠠᠶᠢᠯᠲᠤᠬᠤ ᠪᠣᠲᠤᠯᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号