ᠡᠷᠢᠶᠡᠨ ᠬᠤᠲᠠ ᠦᠷᠳᠡᠭ ᠨᠡᠮᠡᠭᠳᠡᠯ ᠤᠨ ᠭᠠᠶᠢᠯᠢ ᠶᠢᠨ ᠨᠡᠮᠡᠨ ᠪᠣᠲᠤᠵᠦ ᠲᠤᠯᠭᠠᠨ ᠬᠠᠰᠤᠬᠤ ᠲᠦᠷᠦ ᠶᠢᠨ ᠪᠣᠲᠤᠯᠭ᠎ᠠ ᠶᠢ ᠪᠦᠬᠦ ᠲᠠᠯ᠎ᠠ ᠪᠠᠷ ᠲᠦᠢᠯ ᠤᠨ ᠣᠨᠤᠪᠴᠢᠲᠠᠢ ᠨᠠᠶᠢᠲᠠᠪᠤᠷᠢᠵᠢᠭᠤᠯᠵᠦ ᠬᠤᠳᠠᠯᠲᠤᠭᠠᠴᠢᠨ ᠢ ᠲᠣᠲᠤᠨᠤᠴᠢᠯᠠᠨ ᠲᠤᠰᠠᠯᠠᠬᠤ ᠬᠤᠳᠠᠯᠲᠤᠭᠠᠴᠢᠨ ᠢ ᠬᠠᠮᠠᠭᠠᠯᠠᠬᠤ ᠡᠵᠡᠩᠨᠡᠯᠲᠡ ᠶᠢᠨ ᠣᠷᠴᠢᠨ ᠨᠦᠭᠦᠴᠡᠯ ᠢ ᠪᠣᠢ ᠪᠣᠯᠭᠠᠪᠠ
ᠨᠡᠶᠢᠲᠡᠯᠡᠭᠰᠡᠨ ᠴᠠᠭ᠄
2019/12/16
     ᠨᠢᠭᠡ ᠳᠤ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠪᠠᠨ ᠴᠢᠩᠭᠠᠳᠬᠠᠵᠠᠢ᠃ ᠭᠠᠶᠢᠯᠢ ᠶᠢᠨ ᠶᠠᠪᠤᠳᠠᠯ ᠤᠨ ᠺᠠᠳ᠋ᠷᠴᠤᠳ ᠢ ᠵᠣᠬᠢᠶᠠᠨ ᠪᠠᠶᠢᠭᠤᠯᠵᠦ ᠨᠡᠮᠡᠨ ᠪᠣᠲᠤᠵᠦ ᠲᠤᠯᠭᠠᠨ ᠬᠠᠰᠤᠬᠤ ᠲᠣᠬᠠᠢ ᠮᠡᠳᠡᠭᠳᠡᠯ ᠤᠨ ᠪᠢᠴᠢᠭ ᠮᠠᠲ᠋ᠧᠷᠢᠶᠠᠯ ᠢ ᠰᠤᠷᠤᠯᠴᠠᠭᠤᠯᠤᠨ᠂ ᠲᠦᠷᠦ ᠶᠢᠨ ᠪᠣᠲᠤᠯᠭ᠎ᠠ ᠶᠢ ᠬᠡᠷᠡᠭᠵᠢᠭᠦᠯᠬᠦ ᠠᠴᠢ ᠬᠤᠯᠪᠤᠭᠳᠠᠯ ᠢ ᠣᠶᠢᠯᠠᠭᠠᠭᠤᠯᠵᠦ᠂ ᠦᠵᠡᠯᠲᠡ ᠲᠠᠨᠢᠯᠲᠠ ᠶᠢ ᠨᠢ ᠳᠡᠭᠡᠭᠰᠢᠯᠡᠭᠦᠯᠦᠨ᠂ ᠠᠵᠢᠯ ᠤᠨ ᠭᠤᠤᠯᠳᠠᠯᠭ᠎ᠠ ᠶᠢ ᠡᠵᠡᠮᠰᠢᠭᠦᠯᠵᠦ᠂ ᠭᠠᠶᠢᠯᠢ ᠲᠤᠰᠢᠶᠠᠭᠴᠢ ᠶᠢᠨ ᠬᠡᠷᠡᠭᠴᠡᠭᠡ ᠱᠠᠭᠠᠷᠳᠠᠯᠭ᠎ᠠ ᠭᠤᠮᠤᠳᠠᠯ ᠲᠣᠭᠠᠴᠢᠯᠲᠠ ᠪᠠᠷ ᠬᠠᠷᠠᠯᠲᠠ ᠪᠣᠯᠭᠠᠨ᠂ ᠲᠤᠰᠬᠠᠢ ᠮᠡᠷᠭᠡᠵᠢᠯ ᠤᠨ ᠵᠢᠯᠤᠭᠤᠳᠤᠯᠭ᠎ᠠ ᠶᠢ ᠰᠠᠶᠢᠲᠤᠷ ᠬᠢᠪᠡ᠃ 11 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠲᠣᠲᠤᠭᠠᠲᠤ ᠳᠤ ᠪᠠᠨ ᠨᠡᠶᠢᠲᠡ 63 ᠭᠠᠶᠢᠯᠢ ᠶᠢᠨ ᠶᠠᠪᠤᠳᠠᠯ ᠤᠨ ᠺᠠᠳ᠋ᠷ ᠢ ᠪᠣᠯᠪᠠᠰᠤᠷᠠᠭᠤᠯᠵᠦ᠂ 152 ᠭᠠᠶᠢᠯᠢ ᠲᠤᠰᠢᠶᠠᠭᠴᠢ ᠶᠢ ᠰᠤᠷᠤᠯᠴᠠᠬᠤ ᠪᠣᠯᠪᠠᠰᠤᠷᠠᠭᠤᠯᠤᠯ ᠳᠤ ᠣᠷᠤᠯᠴᠠᠭᠤᠯᠪᠠ᠃      ᠬᠤᠶᠠᠷ ᠲᠤ ᠡᠷᠦᠭᠡ ᠳᠠᠷᠡᠭᠠᠯᠠᠨ ᠤᠬᠠᠭᠤᠯᠵᠦ᠂ ᠬᠠᠪᠰᠤᠷᠤᠨ ᠵᠢᠯᠤᠭᠤᠳᠬᠤ ᠪᠠᠨ ᠴᠢᠩᠭᠠᠳᠬᠠᠵᠠᠢ᠃ ᠭᠠᠶᠢᠯᠢ ᠲᠤᠰᠢᠶᠠᠬᠤ ᠦᠢᠯᠡᠴᠢᠯᠡᠭᠡᠨ ᠤ ᠲᠤᠰᠬᠠᠢ ᠲᠡᠷᠭᠡ᠂ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠦᠷᠳᠡᠭᠡ᠂ ᠭᠠᠶᠢᠯᠢ ᠬᠦᠡᠭᠭᠡᠯᠡᠵᠦ ᠰᠦᠢᠳᠭᠡᠯ ᠢ ᠪᠠᠭᠤᠷᠠᠭᠤᠯᠬᠤ ᠤᠬᠠᠭᠤᠯᠭ᠎ᠠ ᠶᠢᠨ ᠦᠢᠯᠡᠴᠢᠯᠡᠭᠡᠨ ᠤ ᠠᠩᠭᠢ ᠵᠡᠷᠭᠡ ᠤᠬᠠᠭᠤᠯᠭ᠎ᠠ ᠶᠢᠨ ᠨᠡᠷᠡᠳᠬᠦᠨ ᠢ ᠡᠭᠦᠳᠴᠦ᠂ ᠤᠬᠠᠭᠤᠯᠭ᠎ᠠ ᠶᠢᠨ ᠠᠷᠭ᠎ᠠ ᠪᠠᠷᠢᠯ ᠢᠶᠠᠨ ᠪᠠᠶᠠᠯᠢᠭᠵᠢᠭᠤᠯᠤᠨ᠂ ᠤᠬᠠᠭᠤᠯᠭ᠎ᠠ ᠶᠢᠨ ᠠᠷᠭ᠎ᠠ ᠵᠠᠮ ᠢᠶᠠᠨ ᠦᠷᠭᠡᠳᠭᠡᠵᠦ᠂ ᠲᠦᠷᠦ ᠶᠢᠨ ᠪᠣᠲᠤᠯᠭ᠎ᠠ ᠵᠢᠴᠢ ᠮᠡᠳᠡᠭᠦᠯᠬᠦ ᠬᠦᠰᠦᠨᠦᠭᠲᠦ ᠶᠢ ᠲᠠᠭᠯᠠᠬᠤ ᠶᠢ ᠨᠠᠷᠢᠯᠢᠭ ᠲᠠᠶᠢᠯᠪᠤᠷᠢᠯᠠᠨ᠂ ᠨᠦᠭᠦᠴᠡᠯ ᠳᠤ ᠨᠡᠶᠢᠴᠡᠭᠰᠡᠨ ᠭᠠᠶᠢᠯᠢ ᠲᠤᠰᠢᠶᠠᠭᠴᠢ ᠳᠤ ᠲᠦᠷᠦ ᠶᠢᠨ ᠪᠣᠲᠤᠯᠭ᠎ᠠ ᠶᠢ ᠣᠶᠢᠯᠠᠭᠠᠭᠤᠯᠤᠨ᠂ ᠭᠤᠶᠤᠴᠢᠯᠠᠨ ᠮᠡᠳᠡᠭᠦᠯᠬᠦ ᠶᠢ ᠵᠢᠭᠠᠵᠦ᠂ ᠠᠵᠦ ᠠᠬᠤᠶᠢᠯᠠᠯ ᠤᠨ ᠬᠦᠭᠵᠢᠯᠲᠡ ᠳᠤ ᠬᠦᠴᠦᠨ ᠨᠡᠮᠡᠷᠢᠯᠡᠵᠦ᠂ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠨᠦᠭᠦᠴᠡᠯ ᠢ ᠪᠣᠢ ᠪᠣᠯᠭᠠᠪᠠ᠃ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ 62 ᠡᠷᠦᠭᠡ ᠭᠠᠶᠢᠯᠢ ᠲᠤᠰᠢᠶᠠᠭᠴᠢ ᠶᠢᠨ ᠭᠡᠷ ᠲᠤ ᠨᠢ ᠬᠦᠷᠴᠦ ᠬᠠᠪᠰᠤᠷᠤᠨ ᠵᠢᠯᠤᠭᠤᠳᠪᠠ᠃      ᠭᠤᠷᠪᠠ ᠳᠤ ᠲᠤᠭ᠎ᠠ ᠪᠠᠷᠢᠮᠲᠠ ᠶᠢ ᠭᠠᠷᠭᠠᠨ ᠠᠪᠴᠤ᠂ ᠰᠠᠭᠤᠷᠢ ᠲᠤᠭ᠎ᠠ ᠶᠢ ᠡᠵᠡᠮᠰᠢᠵᠡᠢ᠃ ᠣᠷᠤᠨ ᠤ ᠲᠣᠪᠴᠢᠶ᠎ᠠ ᠶᠢᠨ ᠪᠠᠷᠠᠭ᠎ᠠ ᠬᠦᠳᠡᠯᠮᠦᠷᠢ ᠶᠢᠨ ᠭᠠᠵᠠᠷ ᠤᠨ ᠪᠠᠭᠤᠯᠭᠠᠭᠰᠠᠨ ᠨᠡᠷᠡᠰ ᠢ ᠦᠨᠲᠦᠰᠦᠯᠡᠨ᠂ ᠭᠠᠶᠢᠯᠢ ᠲᠤᠰᠢᠶᠠᠭᠴᠢ ᠶᠢᠨ ᠪᠣᠳᠠᠲᠠᠢ ᠡᠵᠡᠩᠨᠡᠯᠲᠡ ᠶᠢᠨ ᠪᠠᠶᠢᠳᠡᠯ ᠲᠠᠢ ᠤᠶᠠᠯᠲᠤᠭᠤᠯᠤᠨ᠂  ᠨᠡᠮᠡᠨ ᠪᠣᠲᠤᠵᠦ ᠲᠤᠯᠭᠠᠨ ᠬᠠᠰᠤᠬᠤ ᠲᠦᠷᠦ ᠶᠢᠨ ᠪᠣᠲᠤᠯᠭ᠎ᠠ ᠳᠤ ᠨᠡᠶᠢᠴᠡᠬᠦ ᠦᠷᠳᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠶᠢ ᠰᠤᠩᠭᠤᠨ ᠭᠠᠷᠭᠠᠵᠦ᠂ ᠬᠠᠷᠢᠶᠠᠲᠤ ᠣᠷᠤᠨ ᠤ ᠨᠦᠭᠦᠴᠡᠯ ᠳᠤ ᠨᠡᠶᠢᠴᠡᠬᠦ ᠭᠠᠶᠢᠯᠢ ᠲᠤᠰᠢᠶᠠᠭᠴᠢ ᠶᠢᠨ ᠪᠠᠶᠢᠳᠠᠯ ᠢ ᠡᠵᠡᠮᠰᠢᠨ᠂ ᠳᠠᠷᠠᠭ᠎ᠠ ᠠᠯᠬᠤᠮ ᠤᠨ ᠠᠵᠢᠯ ᠢ ᠦᠷᠨᠢᠭᠦᠯᠬᠦ ᠳᠤ ᠲᠤᠭ᠎ᠠ ᠪᠠᠷᠢᠮᠲᠠ ᠶᠢᠨ ᠰᠠᠭᠤᠷᠢ ᠲᠠᠯᠪᠢᠵᠠᠢ᠃      ᠲᠦᠷᠪᠡ ᠳᠤ ᠦᠢᠯᠡᠴᠢᠯᠡᠭᠡ ᠶᠢ ᠳᠡᠭᠡᠭᠰᠢᠯᠡᠭᠦᠯᠵᠦ᠂ ᠪᠠᠲᠤᠯᠠᠭ᠎ᠠ ᠶᠢ ᠴᠢᠩᠭᠠᠳᠬᠠᠵᠠᠢ᠃ ᠭᠠᠶᠢᠯᠢ ᠠᠵᠦ ᠠᠬᠤᠶᠢᠯᠠᠯ ᠤᠨ ᠸᠢᠴᠠᠲ ᠴᠤᠭᠯᠠᠷᠠᠯ᠂ ᠭᠡᠷ ᠲᠤ ᠨᠢ ᠬᠦᠷᠴᠦ ᠬᠠᠪᠰᠤᠷᠤᠨ ᠵᠢᠯᠤᠭᠤᠳᠬᠤ ᠵᠡᠷᠭᠡ ᠬᠡᠯᠪᠡᠷᠢ ᠪᠠᠷ ᠳᠠᠮᠵᠢᠨ᠂ ᠬᠠᠪᠰᠤᠷᠤᠨ ᠵᠢᠯᠤᠭᠤᠳᠴᠦ ᠵᠢᠭᠰᠠᠭᠠᠨ ᠪᠠᠶᠢᠴᠠᠭᠠᠬᠤ ᠶᠢ ᠪᠦᠬᠦᠨ ᠳᠤ ᠪᠦᠷᠬᠦᠭᠦᠯᠵᠦ᠂ ᠭᠠᠶᠢᠯᠢ ᠲᠤᠰᠢᠶᠠᠭᠴᠢ ᠶᠢᠨ ᠰᠡᠵᠢᠭ ᠠᠵᠢᠯ ᠢ ᠨᠢ ᠴᠠᠭ ᠲᠣᠬᠠᠢ ᠳᠤ ᠨᠢ ᠠᠯᠳᠠᠷᠠᠭᠠᠵᠦ ᠦᠭᠴᠦ᠂ ᠠᠰᠠᠭᠤᠳᠠᠯ ᠢ ᠨᠢᠭᠡ ᠨᠢᠭᠡ ᠪᠠᠷ ᠰᠢᠢᠳᠪᠦᠷᠢᠯᠡᠨ᠂ ᠬᠤᠶᠢᠨᠠᠬᠢ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠦ᠂ ᠭᠠᠶᠢᠯᠢ ᠲᠤᠰᠢᠶᠠᠭᠴᠢ ᠶᠢᠨ ᠬᠤᠶᠢᠰᠢᠲᠠ ᠶᠢᠨ ᠵᠣᠪᠠᠨᠢᠯ ᠢ ᠠᠷᠢᠯᠭᠠᠨ ᠦᠭᠴᠦ᠂ ᠭᠠᠶᠢᠯᠢ ᠲᠤᠰᠢᠶᠠᠭᠴᠢ ᠶᠢᠨ ᠣᠨᠤᠪᠴᠢᠲᠠᠢ ᠭᠤᠶᠦᠴᠢᠯᠠᠨ ᠮᠡᠳᠠᠭᠦᠯᠬᠦ᠂ ᠲᠦᠷᠦ ᠶᠢᠨ ᠪᠣᠲᠤᠯᠭ᠎ᠠ ᠶᠢᠨ ᠬᠠᠷᠠᠭᠠᠯᠵᠠᠯ ᠬᠦᠷᠲᠡᠬᠦ ᠳᠤ ᠨᠢ ᠪᠠᠲᠤᠯᠠᠭ᠎ᠠ ᠣᠯᠭᠤᠵᠠᠢ᠃      11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠡᠷᠢᠶᠡᠨ ᠬᠤᠲᠠ ᠶᠢᠨ ᠭᠠᠶᠢᠯᠢ ᠲᠤᠰᠢᠶᠠᠭᠴᠢ 3 ᠡᠷᠦᠭᠡ 15% ᠨᠡᠮᠡᠨ ᠪᠣᠲᠤᠵᠦ ᠲᠤᠯᠭᠠᠨ ᠬᠠᠰᠤᠬᠤ ᠲᠦᠷᠦ ᠶᠢᠨ ᠪᠣᠲᠤᠯᠭ᠎ᠠ ᠶᠢᠨ ᠬᠠᠷᠠᠭᠠᠯᠵᠠᠯ ᠶᠢ ᠬᠦᠷᠳᠡᠵᠦ᠂ ᠨᠡᠶᠢᠲᠡ ᠪᠣᠲᠤᠵᠦ ᠭᠠᠷᠭᠠᠭᠰᠠᠨ ᠨᠡᠮᠡᠨ ᠪᠣᠲᠤᠵᠦ ᠲᠤᠯᠭᠠᠨ ᠬᠠᠰᠤᠭᠰᠠᠨ ᠬᠡᠮᠵᠢᠶ᠎ᠡ ᠨᠢ 0.57 ᠲᠦᠮᠡᠨ ᠲᠦᠭᠦᠷᠢᠭ ᠪᠣᠯᠵᠠᠢ᠃ ᠭᠠᠶᠢᠯᠢ ᠲᠤᠰᠢᠶᠠᠭᠴᠢ 22 ᠡᠷᠦᠭᠡ10% ᠨᠡᠮᠡᠨ ᠪᠣᠲᠤᠵᠦ ᠲᠤᠯᠭᠠᠨ ᠬᠠᠰᠤᠬᠤ ᠲᠦᠷᠦ ᠶᠢᠨ ᠪᠣᠲᠤᠯᠭ᠎ᠠ ᠶᠢᠨ ᠬᠠᠷᠠᠭᠠᠯᠵᠠᠯ ᠶᠢ ᠬᠦᠷᠳᠡᠵᠦ᠂ ᠨᠡᠶᠢᠲᠡ ᠪᠣᠲᠤᠵᠦ ᠭᠠᠷᠭᠠᠭᠰᠠᠨ ᠨᠡᠮᠡᠨ ᠪᠣᠲᠤᠵᠦ ᠲᠤᠯᠭᠠᠨ ᠬᠠᠰᠤᠭᠰᠠᠨ ᠬᠡᠮᠵᠢᠶ᠎ᠡ ᠨᠢ 153.3 ᠲᠦᠮᠡᠨ ᠲᠦᠭᠦᠷᠢᠭ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号