ᠦᠬᠠᠢ ᠬᠤᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠯᠠᠪᠲᠠᠭᠤᠨ ᠪᠠᠲᠤᠲᠠᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2019/12/16
     ᠤᠶᠢᠷ᠎ᠠ ᠶᠢᠨ ᠵᠢᠯ ᠳᠤ᠂ ᠦᠬᠠᠢ ᠬᠤᠲᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ  ᠭᠦᠨᠵᠡᠭᠡᠶᠢᠷᠡᠭᠦᠯᠬᠦ᠂ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠰᠢᠯᠢᠳᠡᠭᠵᠢᠭᠦᠯᠬᠦ᠂ ᠵᠠᠰᠠᠭ ᠤᠨ ᠤᠷᠳᠤᠨ ᠤ  ᠡᠭᠦᠷᠭᠡ ᠴᠢᠳᠠᠯ ᠢ ᠬᠤᠪᠢᠷᠠᠭᠤᠯᠤᠨ ᠠᠬᠢᠭᠤᠯᠬᠤ ᠶᠠᠪᠤᠳᠠᠯ ᠢ ᠠᠵᠤ ᠠᠬᠤᠢ ᠶᠢᠨ ᠲᠤᠭᠲᠠᠭᠤᠨ ᠨᠡᠮᠡᠭᠳᠡᠯ ᠢ ᠠᠬᠢᠭᠤᠯᠬᠤ ᠴᠢᠬᠤᠯᠠ ᠰᠢᠪᠲᠤᠯᠤᠯᠲᠠ ᠪᠤᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠳᠦᠷᠢᠮ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃      ᠦᠬᠠᠢ ᠬᠤᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠦᠪᠰᠢᠶᠡᠷᠡᠬᠦ ︽ᠶᠡᠷᠦᠩᠬᠡᠶᠢᠯᠡᠭᠰᠡᠨ ᠴᠤᠩᠬᠤᠪᠴᠢ︾᠎ ᠶᠢ ᠪᠠᠶᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠶᠠᠪᠤᠳᠠᠯ ᠢ ᠲᠦᠪᠯᠡᠷᠡᠭᠦᠯᠦᠨ ᠬᠦᠯᠢᠶᠡᠨ ᠠᠪᠴᠤ ᠭᠦᠢᠴᠡᠳᠬᠡᠪᠡ︔ ᠪᠦᠬᠦ ᠬᠤᠲᠠ ᠶᠢᠨ ᠨᠢᠭᠡᠳᠦᠯᠲᠠᠢ ᠭᠡᠷ ᠪᠠᠶᠢᠰᠢᠩ ᠤᠨ ᠪᠠᠷᠢᠯᠭ᠎ᠠ ᠶᠢᠨ ᠲᠦᠷᠦᠯ ᠤᠨ ᠬᠢᠨᠠᠨ ᠵᠦᠪᠰᠢᠶᠡᠷᠡᠬᠦ ᠴᠤᠪᠤᠷᠠᠯ ᠤᠨ ᠰᠢᠰᠲ᠋ᠧᠮ ᠢ ᠪᠠᠶᠢᠭᠤᠯᠬᠤ ᠶᠢᠨ ᠬᠠᠮᠲᠤ᠂ ᠦᠪᠡᠷᠲᠡᠭᠡᠨ ᠵᠠᠰᠠᠬᠤ ᠤᠷᠤᠨ ᠤ ᠪᠡᠯᠡ ᠤᠷᠤᠭᠤᠯᠤᠯᠲᠠ ᠶᠢᠨ ᠰᠦᠯᠵᠢᠶᠠᠨ ᠳᠡᠭᠡᠷ᠎ᠡ ᠬᠢᠨᠠᠨ ᠵᠦᠪᠰᠢᠶᠡᠷᠡᠬᠦ ᠲᠠᠪᠴᠠᠩ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠬᠠᠮᠢᠶᠠᠷᠬᠤ ᠰᠢᠰᠲ᠋ᠧᠮ ᠎ ᠯᠦᠭᠡ ᠲᠤᠭ᠎ᠠ ᠪᠠᠷᠢᠮᠲᠠ ᠲᠠᠢ ᠵᠤᠯᠭᠠᠭᠤᠯᠬᠤ ᠶᠢ ᠪᠡᠶᠡᠯᠡᠭᠦᠯᠵᠦ᠂ 8 ᠲᠦᠷᠦᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ ᠲᠠᠬᠢᠨ ᠦᠢᠯᠡᠳᠬᠦ ᠶᠢ ᠪᠡᠶᠡᠯᠡᠭᠦᠯᠵᠦ᠂ ᠪᠠᠷᠢᠯᠭ᠎ᠠ ᠶᠢᠨ ᠲᠦᠷᠦᠯ ᠵᠦᠢᠯ ᠤᠨ ᠶᠡᠷᠦᠩᠬᠡᠢ ᠬᠢᠨᠠᠨ ᠵᠢᠦᠪᠰᠢᠶᠡᠷᠡᠬᠦ ᠴᠠᠭ ᠢ12 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ 100 ᠠᠵᠢᠯᠯᠠᠬᠤ ᠡᠳᠦᠷ ᠪᠤᠯᠭᠠᠨ  ᠪᠤᠭᠤᠨᠢᠰᠬᠠᠬᠤ ᠪᠠᠷ ᠪᠠᠶᠢᠨ᠎ᠠ᠃     ᠳᠠᠷᠠᠭ᠎ᠠ ᠠᠯᠬᠤᠮ ᠳᠤ᠂ ᠦᠬᠠᠢ ᠬᠤᠲᠠ ᠪᠦᠬᠦ ᠬᠤᠲᠠ ᠶᠢᠨ ᠬᠦᠭᠵᠢᠯᠲᠡ ᠶᠢᠨ ᠪᠤᠲᠠᠲᠠᠢ ᠪᠠᠶᠢᠳᠠᠯ ᠲᠠᠢ ᠤᠶᠠᠯᠳᠤᠭᠤᠯᠤᠨ᠂ ᠨᠠᠷᠢᠨ ᠨᠢᠮᠪᠠᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠠᠵᠢᠯ ᠤᠨ ᠭᠤᠤᠯ ᠰᠢᠵᠢᠮ ᠳᠤ ᠨᠢᠮᠪᠠᠢ ᠦᠢᠯᠡᠴᠢᠯᠡᠵᠦ᠂ ᠡᠷᠬᠡ ᠶᠢ ᠨᠢ ᠦᠨᠡᠨᠬᠦ ᠬᠠᠰᠤᠵᠤ᠂ ᠬᠢᠨᠠᠯᠲᠠ ᠬᠠᠮᠢᠶᠠᠷᠤᠯᠲᠠ ᠶᠢᠨ  ᠬᠡᠯᠪᠡᠷᠢ ᠶᠢ ᠰᠢᠨᠡᠴᠢᠯᠡᠵᠦ᠂ ᠬᠢᠨᠠᠨ  ᠵᠦᠪᠰᠢᠶᠡᠷᠡᠬᠦ ᠦᠢᠯᠡᠴᠢᠯᠡᠭᠡ ᠶᠢᠨ ᠴᠤᠪᠤᠷᠠᠯ ᠢ ᠰᠢᠯᠢᠳᠡᠭᠵᠢᠭᠦᠯᠦᠨ᠂ ᠲᠦᠬᠦᠷ ᠳᠦᠷᠢᠮ ᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠡᠷᠡᠰ ᠬᠠᠮᠠᠭᠠᠯᠠᠨ᠂ ᠠᠵᠤ ᠠᠬᠤᠶᠢᠯᠠᠯ ᠢ ᠦᠬᠠᠢ ᠬᠤᠲᠠ ᠳᠤ ᠰᠠᠨᠠᠭ᠎ᠠ ᠠᠮᠤᠷ ᠪᠡᠯᠡ ᠤᠷᠤᠭᠤᠯᠤᠨ ᠬᠦᠭᠵᠢᠭᠦᠯᠬᠦ ᠪᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号