ᠡᠨᠡ ᠵᠢᠯ ᠠᠴᠠ ᠨᠠᠭᠠᠰᠢ᠂ ᠬᠥᠬᠡᠬᠤᠲᠠ ᠣᠯᠠᠨ ᠵᠦᠶᠯ ᠤᠨ ᠠᠷᠭ᠎ᠠ ᠵᠠᠮ ᠪᠠ ᠠᠷᠭ᠎ᠠ ᠬᠡᠮᠵᠢᠶ᠎ᠡ ᠠᠪᠴᠤ᠂ | ᠮᠡᠳᠡᠯᠭᠡ ᠶᠢᠨ ᠦᠮᠴᠢᠯᠡᠯ ᠤᠨ ᠡᠷᠬᠡ ᠶᠢ ᠤᠯᠠᠷᠢᠭᠤᠯᠤᠨ ᠬᠡᠷᠡᠭᠯᠡᠬᠦ ᠠᠵᠢᠯ ᠢ ᠢᠳᠡᠪᠬᠢᠲᠡᠢ ᠠᠬᠢᠭᠤᠯᠪᠠ᠃ | ︽ᠬᠦᠬᠡᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠬᠡᠭ ᠬᠤᠲᠠ ᠶᠢ ᠡᠭᠦᠳᠦᠨ | ᠪᠠᠶᠢᠭᠤᠯᠬᠤ ᠬᠡᠷᠡᠭᠵᠢᠭᠦᠯᠦᠯᠲᠡ ᠶᠢᠨ ᠲᠥᠰᠦᠯ︾ ᠤᠨ ᠶᠣᠰᠣᠭᠠᠷ᠂ ᠬᠦᠬᠡᠬᠤᠲᠠ ᠣᠯᠠᠨ ᠵᠦᠶᠯ ᠤᠨ ᠭᠤᠤᠯᠳᠠᠯᠭ᠎ᠠ | ᠲᠠᠢ ᠠᠵᠢᠯ ᠢ ᠦᠷᠨᠢᠭᠦᠯᠵᠡᠢ᠂ ᠨᠢᠭᠡ ᠳᠤ ᠮᠡᠳᠡᠯᠭᠡ ᠶᠢᠨ ᠦᠮᠴᠢᠯᠡᠯ ᠤᠨ ᠡᠷᠬᠡ ᠪᠠᠷ ᠠᠵᠤ ᠠᠬᠤᠶᠢᠯᠠᠯ ᠢ | ᠬᠦᠴᠦᠷᠬᠡᠭᠵᠢᠭᠦᠯᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠡᠨᠡ ᠵᠢᠯ ᠪᠦᠬᠦ ᠬᠤᠲᠠ ᠳᠤ 2 | ᠠᠵᠤ ᠠᠬᠤᠶᠢᠯᠠᠯ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ ᠪᠣᠯᠵᠤ᠂ | 2 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ | ᠠᠬᠤᠶᠢᠯᠠᠯ ᠪᠣᠯᠪᠠ᠃ ᠬᠤᠶᠠᠷ ᠲᠤ ᠪᠦᠬᠦ ᠬᠤᠲᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ︽ | ᠲᠤᠭᠤᠰᠢᠯᠠᠭᠤᠯᠬᠤ ᠪᠠᠷᠢᠮᠵᠢᠶ᠎ᠠ︾ ᠶᠢᠨ ᠠᠵᠢᠯ ᠤᠷᠤᠭᠰᠢᠲᠠᠢ ᠠᠬᠢᠪᠠ᠃ ᠡᠨᠡ ᠵᠢᠯ ᠤᠨ 10 ᠳ᠋ᠤᠭᠠᠷ ᠰᠠᠷ᠎ᠠ ᠶᠢᠨ | ᠡᠴᠦᠰ ᠪᠣᠯᠲᠠᠯ᠎ᠠ᠂ ᠪᠥᠬᠦ ᠬᠤᠲᠠ ᠶᠢᠨ 108 ᠠᠵᠤ ᠠᠬᠤᠶᠢᠯᠠᠯ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠠᠮᠢᠶᠠᠷᠤᠯᠲᠠ ᠶᠢᠨ ᠰᠢᠰᠲ᠋ᠧᠮᠵᠢ ᠶᠢᠨ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠵᠡᠢ᠂ ᠡᠭᠦᠨ ᠳᠤ 43 ᠠᠵᠤ | ᠠᠬᠤᠶᠢᠯᠠᠯ ᠨᠢ ᠨᠢᠭᠡᠨᠲᠡ ᠦᠨᠡᠮᠰᠢᠭᠳᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠡᠮᠦᠨ᠎ᠡ | ᠡᠩᠨᠡᠭᠡᠨ ᠳᠤ ᠬᠤᠰᠢᠭᠤᠷᠠᠪᠠ᠃ ᠭᠤᠷᠪᠠ ᠳᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠡᠷᠡᠭᠯᠡᠯᠲᠡ ᠶᠢᠨ ᠦᠷ᠎ᠡ | ᠠᠰᠢᠭ ᠠᠩᠬ᠎ᠠ ᠠᠯᠬᠤᠮ ᠦᠷ᠎ᠡ ᠪᠦᠲᠦᠮᠵᠢ ᠣᠯᠪᠠ᠃ ᠡᠨᠡ ᠵᠢᠯ᠂ ᠬᠤᠯᠪᠣᠭᠳᠠᠯ ᠪᠦᠬᠦᠢ ᠠᠵᠤ ᠠᠬᠤᠶᠢᠯᠠᠯ ᠢ | ᠢᠳᠡᠪᠬᠢᠲᠡᠢ ᠵᠣᠬᠢᠴᠠᠭᠤᠯᠤᠨ ︽ᠮᠡᠳᠡᠯᠭᠡ ᠶᠢᠨ ᠦᠮᠴᠢᠯᠡᠯ ᠤᠨ ᠡᠷᠬᠡ ᠪᠠᠨ ᠳᠠᠨᠵᠢᠯᠠᠵᠤ ᠪᠠᠯᠠ ᠲᠣᠬᠢᠷᠠᠭᠤᠯᠬᠤ ᠪᠠᠩᠬᠢ | ᠠᠵᠤ ᠠᠬᠤᠶᠢᠯᠠᠯ ᠢ ᠵᠤᠯᠭᠠᠯᠳᠤᠭᠤᠯᠬᠤ ᠬᠤᠷᠠᠯ︾ ᠳᠤ ᠣᠷᠣᠯᠴᠠᠭᠤᠯᠵᠤ᠂ ᠠᠵᠤ ᠠᠬᠤᠶᠢᠯᠠᠯ ᠬᠢᠭᠡᠳ ᠪᠠᠩᠬᠢ᠂ | ᠳᠠᠭᠠᠭᠠᠯᠲᠠ ᠬᠢᠬᠦ ᠪᠠᠶᠢᠭᠤᠯᠤᠮᠵᠢ ᠶᠢᠨ ᠬᠠᠩᠭᠠᠯᠭ᠎ᠠ ᠬᠡᠷᠡᠭᠴᠡᠭᠡ ᠶᠢ ᠵᠤᠯᠭᠠᠯᠳᠤᠭᠤᠯᠬᠤ ᠶᠢ ᠠᠬᠢᠭᠤᠯᠪᠠ᠃ ᠪᠦᠷᠢᠨ | ᠪᠤᠰᠤ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1 — 10 ᠳ᠋ᠤᠭᠠᠷ ᠰᠠᠷ᠎ᠠ ᠳᠤ᠂ ᠪᠦᠬᠦ ᠬᠤᠲᠠ ᠶᠢᠨ 14 | ᠠᠵᠤ ᠠᠬᠤᠶᠢᠯᠠᠯ ᠮᠡᠳᠡᠯᠭᠡ ᠶᠢᠨ ᠦᠮᠴᠢᠯᠡᠯ ᠤᠨ ᠡᠷᠬᠡ ᠪᠠᠨ ᠳᠡᠨᠵᠢᠯᠡᠵᠦ᠂ ᠳᠠᠨᠵᠢᠯᠠᠭ᠎ᠠ ᠶᠢᠨ ᠭᠡᠷ᠎ᠡ ᠶᠢᠨ ᠵᠣᠭᠤᠰ ᠢ | 41832 ᠲᠦᠮᠡᠨ ᠲᠥᠭᠦᠷᠢᠭ ᠪᠡᠶᠡᠯᠡᠭᠦᠯᠵᠦ᠂ ᠳᠠᠨᠵᠢᠯᠠᠭᠰᠠᠨ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ | ᠠᠢᠮᠠᠭ ᠬᠤᠲᠠ ᠳᠤ ᠤᠷᠤᠶᠢᠯᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠬᠦᠬᠡᠬᠤᠲᠠ ᠶᠢᠨ ᠬᠢᠨ ᠤᠷᠤᠨ ᠨᠤᠲᠤᠭ ᠤᠨ ᠪᠠᠷᠢᠮᠵᠢᠶ᠎ᠠ ᠶᠢ ᠡᠭᠦᠳᠬᠦ ᠱᠠᠲᠤᠯᠵᠢᠨ | ᠡᠩᠨᠡᠭᠡ ᠶᠢ ᠪᠠᠶᠢᠭᠤᠯᠬᠤ᠂ ᠭᠠᠵᠠᠷ ᠵᠦᠢ ᠶᠢᠨ ᠲᠡᠮᠲᠡᠭ ᠲᠠᠢ ᠲᠠᠸᠠᠷ ᠤᠨ ᠲᠡᠮᠳᠡᠭ ᠢ ᠵᠠᠰᠠᠭ ᠤᠨ ᠣᠷᠳᠣᠨ ᠠᠴᠠ | ᠱᠠᠩᠨᠠᠨ ᠬᠥᠬᠢᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ︽ᠺᠣᠮᠫᠠᠨᠢ + ᠤᠷᠤᠨ ᠨᠤᠲᠤᠭ ᠤᠨ ᠪᠠᠷᠢᠮᠵᠢᠶ᠎ᠠ + | ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢ ᠠᠰᠢᠭᠯᠠᠨ᠂ ᠨᠥᠬᠦᠴᠡᠯ ᠲᠠᠢ ᠭᠠᠵᠠᠷ ᠵᠦᠢ ᠶᠢᠨ ᠲᠡᠮᠲᠡᠭ | ᠲᠠᠢ ᠲᠠᠸᠠᠷ ᠤᠨ ᠲᠡᠮᠲᠡᠭ ᠢ ᠠᠵᠤ ᠠᠬᠤᠶᠢᠯᠠᠯ ᠳᠤ ᠬᠡᠷᠡᠭᠯᠡᠨ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ | ᠦᠵᠡᠭᠦᠯᠬᠦ ᠦᠶᠯᠡᠳᠦᠯ ᠢ ᠨᠢ ᠪᠠᠳᠠᠷᠠᠭᠤᠯᠬᠤ ᠶᠢ ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ | ᠲᠤᠬᠢᠷᠠᠭᠤᠯᠤᠨ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠠᠵᠢᠯ ᠣᠯᠭᠤᠯᠲᠠ ᠶᠢ ᠳᠠᠶᠢᠴᠢᠯᠠᠵᠤ᠂ | ᠲᠠᠷᠢᠶᠠᠴᠢᠳ ᠢ ᠲᠤᠰᠠᠯᠠᠨ ᠣᠷᠣᠯᠭ᠎ᠠ ᠶᠢ ᠨᠢ ᠨᠡᠮᠡᠭᠳᠡᠭᠦᠯᠪᠡ᠃ |