ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/12/18

     12 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠶᠠᠪᠤᠳᠠᠯ ᠢ ᠰᠤᠳᠤᠯᠪᠠ᠃
     ᠬᠤᠷᠠᠯ ᠠᠴᠠ᠂ ᠲᠣᠭᠠᠴᠢᠯᠠᠭᠰᠠᠨ ᠠᠵᠤ ᠠᠬᠤᠶ ᠪᠣᠯ ᠣᠳᠣ ᠦᠶ᠎ᠡ ᠶᠢᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠪᠤᠯᠬᠤ ᠪᠦᠭᠡᠳ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠮᠦᠨ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠲᠣᠭᠠᠴᠢᠯᠠᠭᠰᠠᠨ ᠥᠪᠥᠷ ᠮᠣᠩᠭᠤᠯ︾ ᠤᠨ ᠪᠦᠲᠦᠭᠡᠨ ᠪᠠᠶᠢᠭᠤᠯᠤᠯᠲᠠ ᠪᠠᠷ ᠭᠤᠤᠯ ᠪᠣᠯᠭᠠᠨ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠣᠨᠴᠠᠯᠢᠭ ᠢᠶᠠᠨ ᠳᠣᠪᠤᠶᠢᠯᠭᠠᠬᠤ᠂ ᠵᠠᠰᠠᠭ ᠤᠨ ᠣᠷᠳᠣᠨ ᠠᠴᠠ ᠠᠬᠢᠭᠤᠯᠬᠤ᠂ ᠵᠠᠬ᠎ᠠ ᠳᠡᠯᠭᠡᠭᠦᠷ ᠭᠤᠤᠯᠯᠠᠨ ᠵᠢᠯᠤᠭᠤᠳᠬᠤ᠂ ᠣᠯᠠᠨ ᠡᠰᠢᠵᠢᠬᠦᠯᠦᠨ ᠬᠠᠮᠲᠤ ᠪᠠᠷ ᠵᠠᠰᠠᠬᠤ᠂ ᠬᠠᠤᠯᠢ ᠶᠣᠰᠣᠭᠠᠷ ᠠᠮᠤᠷ ᠲᠦᠪᠰᠢᠨ ᠢᠶᠠᠷ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
     ᠬᠤᠷᠠᠯ ᠠᠴᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠲᠠᠯᠠᠪᠤᠷ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢᠨ ᠴᠢᠬᠤᠯᠠ ᠠᠴᠢᠶᠠᠯᠠᠪᠤᠷᠢ ᠮᠦᠨ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠢ ᠪᠠᠶᠢᠪᠠᠰᠤ ᠵᠤᠬᠢᠬᠤ ᠤᠷᠤᠨ ᠪᠠᠶᠢᠷᠢ ᠳᠤᠨᠢ ᠲᠠᠯᠪᠢᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠬᠥᠳᠤᠯᠦᠨ ᠳᠠᠭᠠᠭᠤᠯᠬᠤ ᠣᠷᠣᠨ᠂ ᠠᠷᠠᠯᠵᠢᠶ᠎ᠠ ᠡᠵᠡᠩᠨᠡᠬᠦ ᠣᠷᠴᠢᠨ ᠤ ᠵᠢᠱᠢᠶ᠎ᠡ ᠦᠵᠡᠭᠦᠯᠬᠦ ᠣᠷᠣᠨ᠂ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠲᠥᠪᠯᠡᠷᠡᠭᠰᠡᠨ ᠣᠷᠣᠨ᠂ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠪᠣᠯᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠬᠤᠰᠢᠭᠤᠴᠢ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠬᠡᠵᠥ ᠵᠢᠭᠠᠵᠥ ᠭᠠᠷᠭᠠᠪᠠ᠃
     ᠬᠤᠷᠠᠯ ᠠᠴᠠ᠂ ᠪᠦᠬᠦ ᠤᠯᠤᠰ ᠲᠤ ᠲᠦᠷᠦᠭᠦᠯᠡᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠪᠣᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠮᠠᠨ ᠤ ᠣᠷᠣᠨ ᠳᠤ ᠲᠠᠯᠪᠢᠭᠰᠠᠨ ᠱᠠᠭᠠᠷᠳᠠᠯᠭ᠎ᠠ ᠮᠦᠨ᠂ ᠪᠠᠰᠠ ᠴᠦ ᠪᠢᠳᠡᠨ ᠤ ᠡᠷᠬᠡᠪᠰᠢ ᠰᠠᠶᠢᠲᠤᠷ ᠡᠭᠦᠷᠭᠡᠯᠡᠬᠦ ᠬᠡᠷᠡᠭᠳᠠᠢ ᠤᠯᠤᠰ ᠲᠥᠷᠦ ᠶᠢᠨ ᠬᠠᠷᠢᠭᠤᠴᠠᠯᠭ᠎ᠠ ᠮᠦᠨ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠪᠠᠶᠢᠴᠠᠭᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠥᠨᠡᠨ ᠬᠦ ᠪᠠᠲᠤᠯᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃
     ᠬᠤᠷᠠᠯ ᠠᠴᠠ᠂ ᠰᠠᠭᠤᠷᠢ ᠰᠤᠷᠭᠠᠨ ᠬᠥᠮᠦᠵᠢᠯ ᠲᠡᠩᠴᠡᠭᠦᠷᠢ ᠥᠬᠡᠶ ᠪᠠᠶᠢᠬᠤ ᠪᠣᠯ ᠮᠠᠨ ᠤ ᠣᠷᠣᠨ ᠤ ᠰᠤᠷᠭᠠᠨ ᠬᠥᠮᠦᠵᠢᠯ ᠤᠨ ᠬᠦᠷᠢᠶᠡᠨ ᠤ ᠲᠣᠪᠤᠶᠢᠮ᠎ᠠ ᠳᠤᠲᠠᠭᠤᠳᠠᠯ ᠪᠤᠯᠤᠨ᠎ᠠ᠂ ᠡᠷᠬᠡᠪᠰᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠨ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠠᠷᠠᠳ ᠣᠯᠠᠨ ᠳᠤ ᠡᠷᠬᠡ ᠲᠡᠭᠰᠢ ᠴᠢᠨᠠᠷᠯᠢᠭ ᠰᠠᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠩᠭᠠᠬᠤ ᠪᠠᠷ ᠴᠢᠷᠮᠠᠶᠢᠬᠤ ᠬᠡᠷᠡᠭᠲᠡᠶ ᠬᠡᠵᠥ ᠴᠢᠬᠤᠯᠠᠴᠢᠯᠠᠪᠠ᠃
     ᠬᠤᠷᠠᠯ ᠠᠴᠠ᠂ ᠮᠠᠨ ᠤ ᠣᠷᠣᠨ ᠪᠣᠯ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠮᠣ ᠣᠷᠣᠨ ᠮᠥᠨ᠂ ᠲᠡᠤᠬᠡ ᠶᠢᠨ ᠳᠤᠷᠠᠰᠬᠠᠯᠲᠤ ᠵᠦᠢᠯᠡᠰ ᠮᠠᠰᠢ ᠤᠯᠠᠨ ᠪᠤᠢ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠡᠡᠯᠠᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠡᠡᠯᠠᠬᠤ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠡᠡᠯᠠᠬᠤ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ