12 ᠳ᠋ᠤᠭᠠᠷ ᠰᠠᠷ᠎ᠠ ᠶᠢᠨ16 ᠤ ᠡᠳᠦᠷ᠂ ᠪᠤᠭᠤᠲᠤ ᠬᠤᠲᠠ ᠶᠢᠨ ᠵᠠᠰᠠᠭ ᠤᠨ ᠤᠷᠳᠤᠨ ᠬᠤᠸᠠ ᠸᠧᠢ | ᠮᠡᠷᠭᠡᠵᠢᠯ ᠤᠨ ᠬᠢᠵᠠᠭᠠᠷᠲᠤ ᠺᠤᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠵᠢᠴᠢ ᠪᠤᠭᠤᠲᠤ | ᠬᠤᠲᠠ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠠᠨ ᠤ ᠡᠭᠦᠯᠡᠨ ᠲᠦᠷᠦᠯ ᠵᠦᠢᠯ ᠳᠤ ᠭᠠᠷ ᠤᠨ ᠦᠰᠦᠭ | ᠵᠢᠷᠤᠬᠤ ᠶᠤᠰᠤᠯᠠᠯ ᠶᠠᠪᠤᠭᠳᠠᠪᠠ᠃ | ᠲᠤᠰ ᠤᠳᠠᠭᠠᠨ ᠤ ᠵᠦᠪᠳᠡᠯᠴᠡᠭᠡᠷ ᠤᠨ ᠠᠭᠤᠯᠭ᠎ᠠ ᠨᠢ ᠭᠤᠤᠯᠳᠠᠭᠤ ᠪᠤᠭᠤᠲᠤ ᠬᠤᠲᠠ ᠶᠢᠨ ᠬᠤᠸᠠ ᠸᠧᠢ | ᠡᠭᠦᠯᠡᠨ ᠪᠤᠳᠤᠯᠲᠠ ᠶᠢᠨ ᠲᠦᠪ ᠵᠡᠷᠭᠡ ︽ᠭᠤᠷᠪᠠᠨ ᠲᠦᠪ︾ ᠪᠠ ᠠᠵᠤ ᠦᠢᠯᠡᠳᠪᠦᠷᠢ ᠶᠢᠨ ᠢᠨᠲ᠋ᠧᠷ ᠰᠦᠯᠵᠢᠶᠠᠨ | ᠤ ᠲᠠᠪᠴᠠᠩ ᠵᠡᠷᠭᠡ ︽ᠭᠤᠷᠪᠠᠨ ᠲᠠᠪᠴᠠᠩ︾ ᠢ ᠪᠦᠲᠦᠭᠡᠨ ᠪᠠᠶᠢᠭᠤᠯᠤᠨ᠎ᠠ᠃ ᠵᠦᠪᠳᠡᠯᠴᠡᠭᠡᠷ ᠲᠤ ᠦᠨᠡᠨ ᠬᠦ | ᠬᠡᠷᠡᠭᠵᠢᠭᠦᠯᠵᠦ ᠪᠤᠯᠬᠤ ᠲᠦᠷᠦᠯ ᠵᠦᠢᠯ ᠤᠨ ᠲᠦᠯᠦᠪᠯᠡᠭᠡ ᠶᠢ ᠲᠤᠭᠲᠠᠭᠠᠵᠤ᠂ ᠪᠤᠳᠠᠲᠠᠢ ᠶᠢ ᠡᠷᠬᠢᠮᠯᠡᠭᠰᠡᠨ ᠦᠷ᠎ᠡ | ᠪᠦᠲᠦᠮᠵᠢᠲᠠᠢ ᠬᠡᠷᠡᠭᠯᠡᠭᠡᠨ ᠤ ᠲᠦᠷᠦᠯ ᠵᠦᠢᠯ ᠢ ᠴᠤᠭᠴᠠᠯᠠᠵᠤ ᠬᠤᠷᠸ᠎ᠠ ᠲᠠᠯ᠎ᠠ ᠶᠢᠨ ᠠᠯᠤᠰ ᠤᠨ ᠲᠦᠯᠦᠪ ᠲᠠᠢ | ᠪᠠᠶᠢᠬᠤ ᠮᠦᠷᠲᠡᠭᠡᠨ ᠪᠠᠰᠠ ᠤᠶᠢᠷ᠎ᠠ ᠶᠢᠨ ᠬᠤᠭᠤᠴᠠᠭᠠᠨ ᠤ ᠲᠤᠬᠢᠷᠠᠭᠤᠯᠤᠯᠲᠠ ᠲᠠᠢ ᠪᠠᠶᠢᠵᠤ᠂ ᠪᠤᠭᠤᠲᠤ | ᠬᠤᠲᠠ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠠᠨ ᠤ ᠬᠦᠭᠵᠢᠯᠲᠡ ᠳᠤ ᠵᠠᠮ ᠱᠤᠭᠤᠮ ᠢ ᠲᠤᠭᠲᠠᠭᠠᠨ | ᠦᠭᠴᠡᠢ᠃ | ᠪᠤᠭᠤᠲᠤ ᠬᠤᠲᠠ ᠶᠢᠨ ᠵᠠᠰᠠᠭ ᠤᠨ ᠤᠷᠳᠤᠨ ᠨᠢ ᠬᠤᠸᠠ ᠸᠧᠢ ᠲᠠᠢ ᠬᠠᠮᠲᠤᠷᠠᠯᠴᠠᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠡᠭᠦᠯᠡᠨ ᠲᠦᠷᠦᠯ ᠵᠦᠢᠯ ᠢ ᠬᠠᠮᠲᠤ ᠪᠠᠷ ᠪᠠᠶᠢᠭᠤᠯᠤᠭᠰᠠᠨ ᠶᠠᠪᠤᠳᠠᠯ ᠨᠢ | ᠪᠤᠭᠤᠲᠤ ᠬᠤᠲᠠ ᠶᠢᠨ ᠲᠦᠷᠦ ᠶᠢᠨ ᠪᠤᠳᠤᠯᠭ᠎ᠠ᠂ ᠡᠬᠢ ᠪᠠᠶᠠᠯᠢᠭ ᠪᠠ ᠵᠠᠬ᠎ᠠ ᠳᠡᠯᠭᠡᠭᠦᠷ ᠵᠡᠷᠭᠡ ᠲᠠᠯ᠎ᠠ ᠶᠢᠨ | ᠳᠠᠪᠠᠭᠤᠯᠢᠭ ᠲᠤ ᠲᠦᠰᠢᠭᠯᠡᠬᠦ ᠰᠠᠭᠤᠷᠢᠨ ᠳᠡᠭᠡᠷ᠎ᠡ᠂ ᠬᠤᠸᠠ ᠸᠧᠢ ᠶᠢᠨ ᠡᠭᠦᠯᠡᠨ ᠪᠤᠳᠤᠯᠲᠠ᠂ ᠲᠤᠮᠤ ᠳ᠋ᠠᠶᠢᠲ᠋ᠠ᠂ | ᠮᠡᠳᠡᠭᠡ ᠵᠠᠩᠬᠢ ᠶᠢᠨ ᠴᠢᠮᠡᠭᠡ ᠬᠤᠯᠪᠤᠭᠠᠨ ᠤ ᠬᠦᠷᠢᠶᠡᠨ ᠳᠠᠬᠢ ᠭᠤᠤᠯ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ | ᠡᠭᠦᠯᠠᠨ ᠪᠤᠳᠤᠯᠲᠠ᠂ ᠤᠶᠤᠨᠴᠢ ᠬᠤᠲᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠠᠵᠤ | ᠦᠢᠯᠡᠰ ᠤᠨ ᠬᠦᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠵᠤ᠂ ᠪᠤᠭᠤᠲᠤ ᠬᠤᠲᠠ ᠶᠢᠨ ᠠᠵᠤ | ᠦᠢᠯᠡᠳᠪᠦᠷᠢ ᠶᠢᠨ ᠠᠵᠤ ᠠᠬᠤᠢ ᠶᠢᠨ ᠴᠢᠨᠠᠷᠵᠢᠭᠤᠨ ᠬᠦᠭᠵᠢᠯᠲᠡ ᠶᠢ ᠠᠬᠢᠭᠤᠯᠬᠤ ᠳᠤ ᠰᠢᠨ᠎ᠡ ᠬᠦᠭᠵᠢᠯᠲᠡ ᠶᠢᠨ | ᠬᠦᠳᠡᠯᠭᠡᠬᠦ ᠬᠦᠴᠦᠨ ᠢ ᠤᠯᠭᠤᠨ ᠦᠭᠬᠦ ᠪᠤᠯᠤᠨ᠎ᠠ᠃ |