ᠤᠯᠠᠭᠠᠨᠴᠠᠪ ᠬᠤᠲᠠ ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019/12/19
     ᠤᠯᠠᠭᠠᠨᠴᠠᠪ ᠬᠤᠲᠠ ᠶᠢᠨ ᠣᠯᠠᠨ ᠳᠠᠪᠬᠤᠷᠭ᠎ᠠ᠂ ᠣᠯᠠᠨ ᠶᠠᠩᠵᠤ ᠶᠢᠨ ᠨᠠᠰᠤᠲᠠᠨ ᠢ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠦ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠶᠠᠰᠤ ᠴᠢᠨᠠᠷ ᠢ ᠴᠢᠩᠭᠠᠳᠬᠠᠨ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠲᠠ᠂ ᠤᠯᠠᠭᠠᠨᠴᠠᠪ ᠬᠤᠲᠠ ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠦ ᠪᠠᠶᠢᠨ᠎ᠠ᠃      ᠨᠢᠭᠡ ᠳᠤ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠦᠨ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠦ᠂ 2019 ᠣᠨ ᠳᠤ᠂ ᠪᠥᠬᠦ ᠬᠤᠲᠠ ᠳᠤ ᠨᠡᠶᠢᠭᠡᠮ ᠠᠴᠠ ᠡᠷᠬᠢᠯᠡᠭᠰᠡᠨ ᠨᠠᠰᠤᠲᠠᠨ ᠢ ᠠᠰᠠᠷᠠᠬᠤ ᠪᠠᠶᠢᠭᠤᠯᠤᠮᠵᠢ ᠶᠢ ᠰᠢᠨ᠎ᠡ ᠪᠠᠷ 3 ᠨᠡᠮᠡᠭᠳᠡᠭᠦᠯᠵᠦ᠂ ᠬᠥᠳᠡᠭᠡ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ 4᠎ ᠶᠢ ᠡᠮᠬᠢᠯᠡᠨ ᠨᠡᠶᠢᠯᠡᠭᠦᠯᠵᠦ᠂ ᠨᠠᠰᠤᠲᠠᠨ ᠢ ᠠᠰᠠᠷᠠᠬᠤ ᠪᠠᠶᠢᠭᠤᠯᠤᠮᠵᠢ  42 ᠪᠣᠯᠵᠦ᠂ 5376 ᠣᠷᠣ ᠲᠠᠢ ᠪᠣᠯᠭᠠᠵᠤ᠂ ᠪᠦᠬᠦᠨ ᠢ ᠣᠳᠣᠨ ᠲᠡᠰ ᠤᠨ ᠪᠠᠷᠢᠮᠵᠢᠶ᠎ᠠ ᠳᠤ ᠭᠦᠷᠦᠭᠦᠯᠪᠡ᠃      ᠬᠤᠶᠠᠷ ᠲᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠤᠤᠬ᠎ᠠ ᠶᠢᠨ ᠲᠤᠯᠠᠭᠠᠯᠠᠯᠭ᠎ᠠ ᠪᠠ ᠤᠰᠤ ᠦᠭᠡᠢ ᠵᠣᠷᠯᠣᠩ ᠬᠡᠷᠡᠭᠯᠡᠬᠦ ᠶᠢ ︽ᠦᠭᠡᠶᠢᠰᠭᠡᠬᠦ ᠠᠵᠢᠯᠯᠠᠭ᠎ᠠ︾᠎ ᠶᠢ ᠠᠬᠢᠭᠤᠯᠵᠤ᠂ ᠲᠥᠰᠦᠯ ᠲᠣᠭᠲᠠᠭᠠᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠯᠠᠪᠳᠠᠭᠤᠨ ᠢᠶᠠᠷ ᠠᠬᠢᠭᠤᠯᠵᠤ᠂ 10 ᠳ᠋ᠤᠭᠠᠷ ᠰᠠᠷ᠎ᠠ ᠪᠣᠯᠬᠤ ᠳᠤ᠂ ᠤᠰᠤ ᠦᠭᠡᠢ ᠵᠣᠷᠯᠣᠩ ᠢ ︽ᠦᠭᠡᠶᠢᠰᠭᠡᠬᠦ︾ ᠠᠵᠢᠯᠯᠠᠭ᠎ᠠ ᠶᠢ ᠪᠦᠬᠦᠨ ᠢ ᠪᠡᠶᠡᠯᠡᠭᠦᠯᠵᠦ᠂ ᠤᠯᠠᠭᠠᠨᠴᠠᠪ ᠬᠤᠲᠠ ᠶᠢᠨ 16 ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠳᠤ ᠴᠥᠮ ᠲᠥᠪᠯᠡᠷᠡᠭᠦᠯᠦᠨ ᠲᠤᠯᠠᠭᠠᠯᠠᠬᠤ ᠶᠢ ᠬᠡᠷᠡᠭᠯᠡᠵᠦ᠂ ᠵᠤᠤᠬ᠎ᠠ ᠪᠠᠷ ᠲᠤᠯᠠᠭᠠᠯᠠᠬᠤ ᠶᠢ ᠦᠭᠡᠶᠢᠰᠭᠡᠪᠡ᠃      ᠭᠤᠷᠪᠠ ᠳᠤ ︽ᠢᠨᠲ᠋ᠧᠷ ᠰᠦᠯᠵᠢᠶ᠎ᠡ +︾᠎ ᠶᠢᠨ ᠣᠨᠤᠯᠵᠢᠬᠤᠨ ᠢ ᠪᠠᠷᠢᠮᠲᠠᠯᠠᠵᠤ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠮᠡᠳᠡᠭᠡ ᠵᠠᠩᠭᠢᠴᠢᠯᠠᠯᠲᠠ᠂ ᠨᠠᠷᠢᠯᠢᠭᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠨᠢᠩ ᠲᠣᠭᠤᠷᠢᠭ ᠲᠤ ᠪᠦᠬᠦ ᠬᠤᠲᠠ ᠶᠢᠨ ᠨᠠᠰᠤᠲᠠᠨ ᠢ ᠣᠶᠤᠨᠴᠢ ᠡᠷᠡᠭᠦᠯ ᠮᠡᠨᠳᠦ ᠪᠠᠷ ᠠᠰᠠᠷᠠᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠨᠢᠭᠡ ᠳᠠᠷᠤᠪᠴᠢᠲᠤ ᠪᠠᠴᠢᠮ ᠠᠪᠤᠷᠠᠯᠲᠠ ᠶᠢᠨ ᠰᠢᠯᠤᠭᠤᠨ ᠵᠠᠮ᠂ ᠨᠢᠭᠡ ᠳᠠᠷᠤᠪᠴᠢᠲᠤ ᠭᠡᠷ ᠪᠦᠯᠢ ᠶᠢᠨ ᠡᠮᠴᠢ᠂ ᠨᠢᠭᠡ ᠳᠠᠷᠤᠪᠴᠢᠲᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠳᠠᠭᠤᠳᠠᠯᠲᠠ ᠶᠢᠨ ᠰᠢᠰᠲ᠋ᠧᠮ ᠢ ᠳᠡᠯᠭᠡᠷᠡᠭᠦᠯᠵᠦ᠂ ᠮᠠᠨ ᠤ ᠬᠤᠲᠠ ᠶᠢᠨ ᠨᠠᠰᠤᠲᠠᠶᠢᠴᠤᠳ ᠲᠤ ᠭᠡᠷ ᠲᠡᠭᠡᠨ ᠰᠠᠭᠤᠵᠦ ᠠᠰᠠᠷᠠᠯ ᠭᠦᠷᠲᠡᠬᠦ ᠠᠵᠢᠯᠯᠠᠭ᠎ᠠ ᠶᠢᠨ ᠰᠢᠨ᠎ᠡ ᠵᠠᠭᠪᠤᠷ ᠢ ᠨᠡᠭᠡᠭᠡᠪᠡ᠃      ᠳᠥᠷᠪᠡ ᠳᠤ ᠨᠠᠰᠤᠲᠠᠶᠢᠴᠤᠳ ᠲᠤ ᠭᠡᠷ ᠲᠡᠭᠡᠨ ᠰᠠᠭᠤᠵᠦ ᠠᠰᠠᠷᠠᠯ ᠭᠦᠷᠲᠡᠬᠦ ᠵᠣᠯ ᠵᠢᠷᠭᠠᠯᠲᠤ ᠬᠦᠷᠢᠶᠡᠯᠡᠩ ᠪᠠᠶᠢᠭᠤᠯᠬᠤ  ᠪᠠᠷ ᠭᠤᠤᠯ ᠪᠣᠯᠭᠠᠭᠰᠠᠨ᠂ ᠪᠠᠶᠢᠭᠤᠯᠤᠮᠵᠢ ᠲᠦᠪᠯᠡᠷᠡᠭᠦᠯᠦᠨ ᠠᠰᠠᠷᠠᠬᠤ ᠪᠠᠷ ᠨᠥᠬᠦᠪᠥᠷᠢ ᠪᠣᠯᠭᠠᠭᠰᠠᠨ᠂ ᠲᠣᠰᠬᠤᠨ ᠤ ᠠᠷᠠᠳ ᠬᠠᠷᠢᠯᠴᠠᠨ ᠲᠤᠰᠠᠯᠠᠯᠴᠠᠵᠦ ᠠᠰᠠᠷᠠᠬᠤ ᠪᠠᠷ ᠬᠠᠪᠰᠤᠷᠤᠮᠵᠢ ᠪᠣᠯᠭᠠᠨ ᠬᠠᠷᠢᠯᠴᠠᠨ ᠬᠤᠯᠪᠤᠯᠲᠤᠭᠰᠠᠨ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠲᠦᠷ ᠦᠨᠡᠯᠡᠯᠲᠡ ᠶᠢ ᠣᠯᠪᠠ᠃      ᠲᠠᠪᠤ ᠳᠤ ᠪᠦᠬᠦ ᠬᠤᠲᠠ ᠶᠢᠨ ᠪᠦᠬᠦᠯᠢ 60 ᠨᠠᠰᠤᠨ ᠠᠴᠠ ᠳᠡᠭᠡᠭᠰᠢᠬᠢ 55 ᠲᠦᠮᠡᠨ ᠨᠠᠰᠤᠲᠠᠶᠢᠴᠤᠳ ᠲᠤ ᠪᠡᠶ᠎ᠡ  ᠮᠠᠬᠠᠪᠤᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠭᠦᠢᠴᠡᠳᠭᠡᠨ ᠦᠭᠴᠦ᠂ ᠪᠦᠬᠦᠯᠢ 80 ᠨᠠᠰᠤᠨ ᠠᠴᠠ ᠳᠡᠭᠡᠭᠰᠢᠬᠢ 7.7 ᠲᠦᠮᠡᠨ ᠨᠠᠰᠤᠲᠠᠶᠢᠴᠤᠳ ᠲᠤ ᠥᠨᠳᠥᠷ ᠨᠠᠰᠤᠨ ᠤ ᠨᠦᠭᠦᠪᠦᠷᠢ ᠣᠯᠭᠤᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠪᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号