ᠦᠨᠦᠴᠢᠨ ᠬᠡᠦᠬᠡᠳ ᠤᠨ ᠣᠷᠤᠰᠢᠨ ᠠᠮᠢᠲᠤᠷᠠᠬᠤ ᠪᠠ ᠬᠦᠭᠵᠢᠯᠲᠡ ᠶᠢᠨ ᠡᠷᠬᠡ ᠠᠰᠢᠭ ᠢ ᠤᠯᠠᠮ ᠨᠢᠭᠡ | ᠠᠯᠬᠤᠮ ᠪᠠᠲᠤᠯᠠᠬᠤ ᠶᠢᠨ ᠲᠦᠯᠦᠭᠡ᠂ ᠪᠣᠭᠤᠲᠦ ᠬᠤᠲᠠ ᠦᠨᠦᠴᠢᠨ ᠬᠡᠦᠬᠡᠳ ᠤᠨ ᠦᠨᠳᠦᠰᠦᠨ ᠠᠮᠢᠲᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢᠨ ᠠᠶᠠᠨᠳᠠᠭᠠᠨ ᠨᠡᠮᠡᠭᠳᠡᠬᠦ ᠲᠣᠭᠲᠠᠯᠴᠠᠭ᠎ᠠ ᠶᠢ ᠪᠠᠶᠢᠭᠤᠯᠵᠦ᠂ ᠤᠷᠢᠳ ᠬᠤᠵᠢᠳ | ᠦᠨᠦᠴᠢᠨ ᠬᠡᠦᠬᠡᠳ ᠤᠨ ᠦᠨᠳᠦᠰᠦᠨ ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠲᠣᠬᠢᠷᠠᠭᠤᠯᠤᠯᠲᠠ ᠬᠢᠪᠡ᠃ ᠣᠶᠢᠷ᠎ᠠ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠬᠠᠮᠲᠤᠷᠡᠨ ︽ᠪᠣᠭᠤᠲᠦ ᠬᠤᠲᠠ ᠶᠢᠨ ᠦᠨᠦᠴᠢᠨ ᠬᠡᠦᠬᠡᠳ ᠤᠨ ᠦᠨᠳᠦᠰᠦᠨ ᠠᠮᠢᠲᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠣᠬᠠᠢ ᠮᠡᠳᠡᠭᠳᠡᠯ︾ ᠪᠠᠭᠤᠯᠭᠠᠵᠦ᠂ ᠡᠨᠡ ᠵᠢᠯ ᠤᠨ 1 ᠳ᠋ᠦ᠋ᠭᠡᠷ | ᠰᠠᠷ᠎ᠠ ᠠᠴᠠ ᠡᠬᠢᠯᠡᠨ᠂ ᠪᠣᠭᠤᠲᠦ ᠬᠤᠲᠠ ᠦᠨᠦᠴᠢᠨ ᠬᠡᠦᠬᠡᠳ ᠤᠨ ᠦᠨᠳᠦᠰᠦᠨ ᠠᠮᠢᠲᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠲᠣᠭᠲᠠᠪᠠ᠃ ᠲᠦᠪᠯᠡᠷᠡᠭᠦᠯᠦᠨ ᠠᠰᠠᠷᠠᠨ ᠲᠡᠵᠢᠭᠡᠬᠦ ᠦᠨᠦᠴᠢᠨ ᠬᠡᠦᠬᠡᠳ ᠤᠨ | ᠬᠦᠮᠦᠨ ᠪᠦᠷᠢ ᠶᠢᠨ ᠰᠠᠷ᠎ᠠ ᠶᠢᠨ ᠦᠨᠳᠦᠰᠦᠨ ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 1800 ᠲᠦᠬᠦᠷᠢᠭ | ᠪᠠᠶᠢᠭᠰᠠᠨ ᠠᠴᠠ ᠨᠢ 2000 ᠲᠦᠭᠦᠷᠢᠭ ᠪᠣᠯᠭᠠᠨ ᠳᠡᠭᠡᠭᠰᠢᠯᠡᠭᠦᠯᠵᠦ᠂ ᠲᠠᠷᠠᠬᠠᠢ ᠠᠰᠠᠷᠠᠨ ᠲᠡᠵᠢᠭᠡᠬᠦ ᠦᠨᠦᠴᠢᠨ | ᠬᠡᠦᠬᠡᠳ ᠤᠨ ᠬᠦᠮᠦᠨ ᠪᠦᠷᠢ ᠶᠢᠨ ᠰᠠᠷ᠎ᠠ ᠶᠢᠨ ᠦᠨᠳᠦᠰᠦᠨ ᠠᠮᠢᠲᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ | 1500 ᠲᠦᠬᠦᠷᠢᠭ ᠪᠠᠶᠢᠭᠰᠠᠨ ᠠᠴᠠ ᠨᠢ 1700 ᠲᠦᠭᠦᠷᠢᠭ ᠪᠣᠯᠭᠠᠨ ᠳᠡᠭᠡᠭᠰᠢᠯᠡᠭᠦᠯᠵᠦ᠂ ᠪᠣᠳᠠᠲᠠᠢ ᠠᠰᠠᠷᠠᠨ | ᠲᠡᠵᠢᠭᠡᠬᠦ ᠬᠦᠮᠦᠨ ᠦᠭᠡᠢ ᠦᠨᠦᠴᠢᠨ ᠬᠡᠦᠬᠡᠳ ᠢ ᠲᠠᠷᠠᠬᠠᠢ ᠠᠰᠠᠷᠠᠨ ᠲᠡᠵᠢᠭᠡᠬᠦ ᠦᠨᠦᠴᠢᠨ ᠬᠡᠦᠬᠡᠳ ᠤᠨ | ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠡᠬᠦᠨ ᠤ ᠬᠠᠮᠲᠦ᠂ ᠦᠨᠦᠴᠢᠨ ᠬᠡᠦᠬᠡᠳ ᠤᠨ ᠦᠨᠳᠦᠰᠦᠨ ᠠᠮᠢᠲᠤᠷᠠᠯ ᠤᠨ ᠪᠠᠲᠤᠯᠠᠭ᠎ᠠ ᠶᠢᠨ ᠪᠡᠯᠡ | ᠮᠦᠡᠭᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠦᠯᠦᠭᠡ᠂ ᠪᠦᠬᠦ ᠬᠤᠲᠠ ᠶᠢᠨ ᠦᠨᠦᠴᠢᠨ | ᠬᠡᠦᠬᠡᠳ ᠤᠨ ᠮᠡᠳᠡᠭᠡ ᠵᠠᠩᠭᠢ ᠶᠢ ︽ᠪᠦᠬᠦ ᠤᠯᠤᠰ ᠤᠨ ᠬᠡᠦᠬᠡᠳ ᠤᠨ ᠠᠰᠠᠷᠠᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ︾ ᠳᠤ ᠵᠦᠪ ᠣᠨᠤᠪᠴᠢᠲᠠᠢ ᠣᠷᠤᠭᠤᠯᠵᠦ᠂ ᠪᠠᠲᠤᠯᠠᠭ᠎ᠠ ᠶᠢᠨ ᠨᠦᠭᠦᠴᠡᠯ ᠳᠤ | ᠨᠡᠶᠢᠴᠡᠬᠦ ᠦᠭᠡᠢ ᠦᠨᠦᠴᠢᠨ ᠬᠡᠦᠬᠡᠳ ᠢ ᠴᠠᠭ ᠲᠣᠬᠠᠢ ᠳᠤ ᠨᠢ ᠰᠢᠰᠲ᠋ᠧᠮ ᠤᠨ ᠮᠡᠳᠡᠭᠡ ᠵᠠᠩᠬᠢ ᠠᠴᠠ ᠬᠢᠨᠠᠨ | ᠬᠠᠰᠤᠵᠦ᠂ ︽ᠪᠠᠲᠤᠯᠠᠬᠤ ᠶᠣᠰᠤᠲᠠᠢ ᠶᠢ ᠨᠢ ᠪᠦᠬᠦᠨ ᠢ ᠪᠠᠲᠤᠯᠠᠬᠤ᠂ ᠪᠤᠴᠠᠭᠠᠬᠤ ᠶᠣᠰᠤᠲᠠᠢ ᠶᠢ ᠨᠢ ᠪᠦᠬᠦᠨ ᠢ | ᠪᠣᠴᠠᠭᠠᠬᠤ︾ ᠶᠢ ᠪᠡᠶᠡᠯᠡᠭᠦᠯᠵᠦ᠂ ᠬᠦᠳᠡᠯᠦᠩᠭᠦᠢ ᠪᠠᠷ ᠬᠢᠨᠠᠨ ᠬᠠᠮᠢᠶᠠᠷᠴᠠᠢ᠃ |