ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠠᠴᠠ ᠠᠵᠤ ᠠᠬᠤᠶᠢᠯᠠᠯ ᠢ ᠵᠢᠯᠤᠭᠤᠳᠤᠨ ᠬᠤᠲᠠ ᠶᠢᠨ ᠳᠡᠰ ᠤᠨ ᠬᠦᠯᠳᠡᠭᠦᠦ ᠭᠠᠭ᠋ᠠᠢ ᠶᠢᠨ ᠮᠢᠬ᠎ᠠ ᠬᠦᠮᠦᠷᠭᠡᠯᠡᠬᠦ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/12/2
     ᠤᠯᠠᠭᠠᠨᠬᠠᠳᠠ ᠬᠤᠲᠠ ᠶᠢᠨ ᠭᠠᠭ᠋ᠠᠢ ᠶᠢᠨ ᠮᠢᠬᠠᠨ ᠤ ᠲᠦᠷᠦᠯ ᠤᠨ ᠲᠠᠸᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ  ᠪᠠᠲᠤᠯᠠᠵᠤ᠂ ᠭᠠᠭ᠋ᠠᠢ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠲᠤᠷᠠᠵᠤ ᠲᠠᠷᠬᠠᠭᠠᠭᠰᠠᠨ ︽ᠮᠠᠨ ᠤ ᠤᠷᠤᠨ ᠤ ᠬᠦᠯᠳᠡᠭᠦᠦ ᠭᠠᠭ᠋ᠠᠢ ᠶᠢᠨ ᠮᠢᠬᠠᠨ ᠤ ᠨᠦᠭᠡᠴᠡ ᠶᠢ ᠲᠤᠬᠢᠷᠠᠭᠤᠯᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ 11 ᠳ᠋ᠦ᠋ᠭᠡᠷ ᠰᠠᠷ᠎ᠠ ᠶᠢᠨ 12᠎ ᠤᠨ ᠡᠳᠦᠷ ᠦᠪᠦᠷ ᠮᠤᠩᠭᠤᠯ ᠤᠨ ᠵᠦᠸᠧ ᠰᠢᠨ ᠶᠤᠸᠠᠨ ᠮᠢᠬᠠᠨ ᠢᠳᠡᠭᠡᠨ ᠤ ᠬᠢᠵᠠᠭᠠᠷᠲᠤ ᠺᠤᠮᠫᠠᠨᠢ ᠲᠠᠢ 50 ᠲᠤᠨ ᠨᠢᠭᠡ ᠡᠭᠡᠯᠵᠢ ᠶᠢᠨ ᠬᠤᠲᠠ ᠶᠢᠨ ᠳᠡᠰ ᠤᠨ ᠬᠦᠯᠳᠡᠭᠦᠦ ᠭᠠᠭ᠋ᠠᠢ ᠶᠢᠨ ᠮᠢᠬ᠎ᠠ ᠶᠢ ᠬᠠᠷᠢᠭᠤᠴᠠᠨ ᠬᠠᠳᠠᠭᠠᠯᠠᠬᠤ ᠵᠦᠪᠳᠡᠯᠴᠡᠭᠡᠷ ᠲᠤᠭᠲᠠᠭᠠᠵᠠᠢ᠃ 11 ᠳ᠋ᠦ᠋ᠭᠡᠷ ᠰᠠᠷ᠎ᠠ ᠶᠢᠨ 19᠎ ᠤ ᠡᠳᠦᠷ᠂ ᠵᠦᠸᠧ ᠰᠢᠨ ᠶᠤᠸᠠᠨ ᠺᠤᠮᠫᠠᠨᠢ ᠬᠤᠲᠠ ᠶᠢᠨ ᠳᠡᠰ ᠤᠨ ᠬᠦᠯᠳᠡᠭᠦᠦ ᠭᠠᠭ᠋ᠠᠢ ᠶᠢᠨ ᠮᠢᠬ᠎ᠠ ᠶᠢ ᠬᠦᠮᠦᠷᠭᠡ ᠳᠤ ᠬᠤᠷᠢᠶᠠᠨ ᠬᠠᠳᠠᠭᠠᠯᠠᠬᠤ ᠠᠵᠢᠯ ᠢ ᠪᠡᠶᠡᠯᠡᠭᠦᠯᠪᠡ᠃      ᠳᠠᠷᠠᠭ᠎ᠠ ᠠᠯᠬᠤᠮ ᠳᠤ᠂ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠦᠷᠭᠦᠯᠵᠢᠯᠡᠨ ᠮᠦᠷᠳᠡᠨ ᠲᠤᠬᠢᠷᠠᠭᠤᠯᠬᠤ ᠪᠠᠨ ᠴᠢᠩᠭᠠᠳᠬᠠᠨ᠂ ᠭᠠᠭ᠋ᠠᠢ ᠶᠢᠨ ᠮᠢᠬᠠᠨ ᠤ ᠲᠦᠷᠦᠯ ᠤᠨ ᠲᠠᠸᠠᠷ ᠵᠢᠴᠢ ᠤᠷᠤᠯᠠᠬᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠰᠢᠨ᠎ᠡ ᠵᠢᠯ᠂ ᠴᠠᠭᠠᠨ ᠰᠠᠷ᠎ᠠ ᠶᠢᠨ ᠵᠠᠬ᠎ᠠ ᠳᠡᠯᠭᠡᠭᠦᠷ ᠎ ᠲᠤ ᠤᠷᠤᠭᠤᠯᠬᠤ ᠪᠡᠯᠡᠳᠬᠡᠯ ᠠᠵᠢᠯ ᠢ ᠬᠠᠮᠲᠤ ᠪᠠᠷ ᠰᠠᠶᠢᠲᠤᠷ ᠬᠢᠬᠦ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号