ᠬᠦᠬᠡᠬᠤᠲᠠ ᠡᠨᠧᠷᠬᠢ ᠶᠢᠨ ᠠᠰᠢᠭᠯᠠᠮᠵᠢ ᠤᠰᠤᠨ ᠤ ᠠᠰᠢᠭᠯᠠᠮᠵᠢ ᠶᠢᠨ ᠢᠯᠡᠳᠭᠡᠮᠵᠢ ᠳᠤ ᠬᠢᠨᠠᠯᠲᠠ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2019/12/2
     ᠡᠨᠧᠷᠬᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠡᠳᠭᠡᠮᠵᠢ ᠶᠢᠨ ᠬᠢᠨᠡᠯᠲᠡ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠨᠧᠷᠬᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠡᠳᠭᠡᠮᠵᠢ ᠳᠤ ᠬᠠᠭᠤᠷᠮᠠᠭ ᠲᠡᠮᠲᠡᠭ ᠬᠠᠳᠠᠭᠰᠠᠨ᠂ ᠡᠨᠧᠷᠬᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠡᠳᠭᠡᠮᠵᠢ ᠶᠢ ᠬᠠᠭᠤᠷᠮᠠᠭ ᠵᠤᠬᠢᠶᠠᠭᠰᠠᠨ ᠪᠠ ᠬᠠᠭᠤᠷᠮᠠᠭᠯᠠᠨ ᠬᠡᠷᠡᠭᠯᠡᠭᠰᠡᠨ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠬᠦ ᠶᠢᠨ ᠲᠤᠰᠠᠲᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠭᠡᠷ ᠤᠨ ᠴᠠᠬᠢᠯᠭᠠᠨ ᠬᠡᠷᠡᠭᠯᠡᠭᠦᠷ ᠤᠨ ᠦᠢᠯᠡᠳᠭᠦᠨ ᠤ ᠡᠨᠧᠷᠬᠢ  ᠶᠢᠨ ᠢᠯᠡᠳᠭᠡᠮᠵᠢ ᠪᠠ ᠰᠠᠭᠤᠳᠠᠯ ᠵᠤᠷᠯᠤᠩ ᠤᠨ ᠤᠰᠤᠨ ᠤ ᠠᠰᠢᠭᠯᠠᠮᠵᠢ ᠶᠢᠨ ᠢᠯᠡᠳᠭᠡᠮᠵᠢ ᠳᠤ ᠲᠤᠰᠬᠠᠢ ᠪᠠᠶᠢᠴᠠᠭᠠᠯᠲᠠ ᠬᠢᠪᠡ᠃      ᠲᠤᠰ ᠤᠳᠠᠭᠠᠨ ᠤ ᠪᠠᠶᠢᠴᠠᠭᠠᠯᠲᠠ ᠨᠢ᠂ ︽ᠡᠨᠧᠷᠬᠢ ᠶᠢᠨ ᠠᠰᠢᠭᠯᠠᠮᠵᠢ ᠶᠢᠨ ᠭᠠᠷᠴᠠᠭ︾᠎ ᠲᠤ ᠵᠢᠭᠰᠠᠭᠠᠭᠳᠠᠭᠰᠠᠨ ᠬᠦᠷᠦᠭᠡᠭᠦᠷ᠂ ᠠᠭᠠᠷ ᠲᠤᠬᠢᠷᠠᠭᠤᠯᠤᠭᠴᠢ᠂ ᠴᠠᠬᠢᠯᠭᠠᠨ ᠰᠤᠷᠢᠨᠵᠢᠨ ᠵᠤᠤᠬ᠎ᠠ᠂ ᠴᠠᠬᠢᠯᠭᠠᠨ ᠲᠤᠭᠤᠭ᠎ᠠ᠂ ᠬᠤᠪᠴᠠᠰᠤ ᠤᠬᠢᠶᠠᠬᠤ ᠮᠠᠰᠢᠨ ᠵᠡᠷᠭᠡ 5 ᠵᠦᠢᠯ ᠤᠨ ᠭᠡᠷ ᠤᠨ ᠴᠠᠬᠢᠯᠭᠠᠨ ᠬᠡᠷᠡᠭᠯᠡᠭᠦᠷ ᠤᠨ ᠦᠢᠯᠡᠳᠭᠦᠨ ᠤ ᠡᠨᠧᠷᠬᠢ ᠶᠢᠨ ᠠᠰᠢᠭᠯᠠᠮᠵᠢ ᠶᠢᠨ ᠢᠯᠡᠳᠭᠡᠮᠵᠢ ᠵᠢᠴᠢ ︽ᠤᠰᠤᠨ ᠤ ᠠᠰᠢᠭᠯᠠᠮᠵᠢ ᠶᠢᠨ ᠭᠠᠷᠴᠠᠭ︾᠎ ᠲᠤ ᠵᠢᠭᠰᠠᠭᠠᠭᠳᠠᠭᠰᠠᠨ ᠰᠠᠭᠤᠳᠠᠯ ᠵᠤᠷᠯᠤᠩ ᠤᠨ ᠦᠢᠯᠡᠳᠭᠦᠨ ᠤ ᠤᠰᠤᠨ ᠤ ᠠᠰᠢᠭᠯᠠᠮᠵᠢ ᠶᠢᠨ ᠢᠯᠡᠳᠭᠡᠮᠵᠢ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠬᠤᠯᠪᠤᠭᠳᠠᠯ ᠪᠦᠬᠦᠢ ᠪᠠᠷᠢᠮᠵᠢᠶ᠎ᠠ ᠪᠠ ᠬᠡᠷᠡᠭᠵᠢᠭᠦᠯᠬᠦ ᠨᠠᠷᠢᠨ ᠳᠦᠷᠢᠮ ᠤᠨ ᠱᠠᠭᠠᠷᠳᠠᠯᠭ᠎ᠠ ᠶᠤᠰᠤᠭᠠᠷ ᠡᠨᠧᠷᠬᠢ ᠶᠢᠨ ᠠᠰᠢᠭᠯᠠᠮᠵᠢ ᠪᠠ ᠤᠰᠤᠨ ᠤ ᠠᠰᠢᠭᠯᠠᠮᠵᠢ ᠶᠢᠨ ᠢᠯᠡᠳᠭᠡᠮᠵᠢ ᠶᠢ ᠲᠤᠳᠤᠷᠬᠠᠶᠢᠯᠠᠭᠰᠠᠨ ᠡᠰᠡᠬᠦ᠂ ᠬᠡᠷᠡᠭᠯᠡᠵᠦ ᠪᠠᠶᠢᠭ᠎ᠠ ᠢᠯᠡᠳᠭᠡᠮᠵᠢ ᠨᠢ ᠬᠤᠯᠪᠤᠭᠳᠠᠯ ᠪᠦᠬᠦᠢ ᠲᠤᠭᠲᠠᠭᠠᠯ ᠳᠤ ᠨᠡᠶᠢᠴᠡᠵᠦ ᠪᠠᠶᠢᠬᠤ ᠡᠰᠡᠬᠦ᠂ ᠦᠢᠯᠡᠳᠪᠦᠷᠢᠯᠡᠭᠰᠡᠨ ᠦᠢᠯᠡᠳᠪᠦᠷᠢ ᠨᠢ ᠳᠤᠮᠳᠠᠳᠤ ᠤᠯᠤᠰ ᠤᠨ ᠡᠨᠧᠷᠬᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠢᠯᠡᠳᠭᠡᠮᠵᠢ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠡᠰᠡᠬᠦ᠂ ᠡᠨᠧᠷᠬᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠡᠳᠭᠡᠮᠵᠢ ᠶᠢ ᠬᠠᠭᠤᠷᠮᠠᠭᠯᠠᠨ ᠵᠤᠬᠢᠶᠠᠭᠰᠠᠨ᠂ ᠬᠠᠭᠤᠷᠮᠠᠭᠯᠠᠨ ᠬᠡᠷᠡᠭᠯᠡᠭᠰᠡᠨ ᠦᠢᠯᠡ ᠠᠵᠢᠯᠯᠠᠭ᠎ᠠ ᠤᠷᠤᠰᠢᠵᠤ ᠪᠠᠶᠢᠬᠤ ᠡᠰᠡᠬᠦ᠂ ᠡᠨᠧᠷᠬᠢ ᠠᠷᠪᠢᠯᠠᠬᠤ ᠢᠯᠡᠳᠭᠡᠮᠵᠢ ᠶᠢ ᠠᠰᠢᠭᠯᠠᠨ ᠬᠤᠳᠠᠯ ᠬᠠᠭᠤᠷᠮᠠᠭ ᠢᠶᠠᠷ ᠤᠬᠠᠭᠤᠯᠤᠨ ᠪᠤᠷᠤᠯᠠᠭᠤᠯᠤᠭᠰᠠᠨ ᠡᠰᠡᠬᠦ ᠶᠢ ᠪᠠᠶᠢᠴᠠᠭᠠᠨ ᠦᠵᠡᠭᠰᠡᠨ ᠪᠠᠶᠢᠨ᠎ᠠ᠃ ᠲᠤᠰ ᠤᠳᠠᠭ᠎ᠠ ᠨᠡᠶᠢᠲᠡ 6 ᠵᠠᠬ᠎ᠠ ᠳᠡᠯᠭᠡᠭᠦᠷ ᠤᠨ ᠭᠤᠤᠯ ᠴᠤᠭᠴᠠ ᠶᠢ ᠪᠠᠶᠢᠴᠠᠭᠠᠵᠦ᠂ ᠬᠠᠢ ᠡᠯ᠂ ᠭᠧ ᠯᠢ ᠵᠡᠷᠭᠡ 26 ᠨᠡᠷᠡᠲᠤ ᠲᠡᠮᠲᠡᠭ᠂ 150 ᠢᠯᠡᠭᠦᠦ ᠨᠡᠷᠡᠮᠵᠢ᠂ 385 ᠭᠡᠷ ᠤᠨ ᠴᠠᠬᠢᠯᠭᠠᠨ ᠬᠡᠷᠡᠭᠰᠡᠯ ᠪᠠ 142 ᠰᠠᠭᠤᠳᠠᠯ ᠵᠤᠷᠯᠤᠩ ᠤᠨ ᠦᠢᠯᠡᠳᠭᠦᠨ ᠢ ᠪᠠᠶᠢᠴᠠᠭᠠᠪᠠ᠃      ᠪᠠᠶᠢᠴᠠᠭᠠᠯᠲᠠ ᠠᠴᠠ ᠦᠵᠡᠪᠡᠯ᠂ ᠢᠯᠡᠳᠭᠡᠮᠵᠢ ᠶᠢᠨ ᠤᠯᠠᠩᠭᠢ ᠨᠢ ᠬᠠᠮᠢᠶ᠎ᠠ ᠪᠦᠬᠦᠢ ᠲᠤᠭᠲᠠᠭᠠᠯ ᠳᠤ ᠨᠡᠶᠢᠴᠡᠵᠦ ᠪᠠᠶᠢᠬᠤ ᠪᠦᠭᠡᠳ ᠵᠦᠪᠬᠡᠨ ᠤᠨᠴᠠ ᠵᠠᠷᠢᠮ ᠰᠠᠭᠤᠳᠠᠯ ᠵᠤᠷᠯᠤᠩ ᠤᠨ ᠤᠰᠤᠨ ᠤ ᠠᠰᠢᠭᠯᠠᠮᠵᠢ ᠶᠢᠨ ᠢᠯᠡᠳᠭᠡᠮᠵᠢ ᠳᠤ ᠵᠤᠬᠢᠬᠤ ᠠᠰᠠᠭᠤᠳᠠᠯ ᠤᠷᠤᠰᠢᠵᠤ ᠪᠠᠶᠢᠨ᠎ᠠ᠃ ᠡᠭᠦᠨ ᠢ ᠬᠠᠤᠯᠢ ᠶᠢ ᠬᠡᠷᠡᠭᠵᠢᠭᠦᠯᠬᠦ ᠠᠵᠢᠯᠲᠠᠨ ᠵᠠᠷᠯᠢᠭᠳᠠᠵᠤ ᠪᠠᠶᠢᠭᠠᠳ ᠴᠡᠭᠴᠡᠯᠡᠨ ᠦᠭᠡᠷᠡᠴᠢᠯᠡᠭᠦᠯᠪᠠ᠃ ᠡᠭᠦᠨ ᠤ ᠬᠠᠮᠲᠤ᠂ ᠬᠡᠷᠡᠭᠯᠡᠭᠴᠢᠳ ᠲᠤ ᠡᠨᠧᠷᠬᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ᠢᠯᠡᠳᠭᠡᠮᠵᠢ ᠶᠢᠨ ᠮᠡᠳᠡᠯᠭᠡ ᠶᠢ ᠤᠬᠠᠭᠤᠯᠵᠤ᠂ ᠪᠤᠬᠢᠷᠳᠤᠯ ᠦᠭᠡᠢ ᠬᠡᠷᠡᠭᠯᠡᠭᠡ ᠬᠢᠬᠦ ᠶᠢ ᠬᠦᠲᠦᠯᠦᠨ ᠵᠢᠯᠤᠭᠤᠳᠴᠤ᠂ ᠬᠡᠷᠡᠭᠯᠡᠭᠴᠢᠳ ᠤᠨ ᠰᠠᠨᠠᠭᠠᠨ ᠳᠠᠭᠠᠨ ᠬᠦᠷᠦᠭᠰᠡᠨ ᠦᠢᠯᠡᠳᠭᠦᠨ ᠬᠤᠳᠠᠯᠳᠤᠨ ᠠᠪᠬᠤ ᠶᠢ ᠨᠢ ᠦᠨᠡᠨ ᠬᠦ ᠪᠠᠲᠤᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号