ᠪᠤᠭᠤᠲᠤ ᠶᠢᠨ ᠨᠢᠰᠭᠡᠯ ᠤᠨ ᠪᠠᠭᠤᠳᠠᠯ ᠪᠤᠭᠤᠮᠳᠠ ᠦᠩᠭᠡᠷᠡᠬᠦ ᠭᠠᠷᠳᠠᠮ ᠢ ᠺᠤᠮᠫᠢᠥ᠋ᠲ᠋ᠧᠷ ᠢᠶᠠᠷ ᠭᠦᠢᠴᠡᠳᠭᠡᠬᠦ ᠦᠢᠯᠡᠴᠢᠯᠡᠭᠡ ᠶᠢ ᠡᠬᠢᠯᠡᠵᠦ ᠬᠡᠷᠡᠭᠯᠡᠪᠡ
ᠨᠡᠶᠢᠲᠡᠯᠡᠭᠰᠡᠨ ᠴᠠᠭ᠄
2019/12/20
     ᠦᠢᠷ᠎ᠠ ᠶᠢᠨ ᠡᠳᠦᠷ ᠲᠤ᠂ ᠪᠤᠭᠤᠲᠤ ᠶᠢᠨ ᠨᠢᠰᠭᠡᠯ ᠤᠨ ᠪᠠᠭᠤᠳᠠᠯ ᠪᠤᠭᠤᠮᠳᠠ ᠦᠩᠭᠡᠷᠡᠬᠦ ᠭᠠᠷᠳᠠᠮ ᠢ ᠺᠤᠮᠫᠢᠥ᠋ᠲ᠋ᠧᠷ  ᠭᠦᠢᠴᠡᠳᠭᠡᠬᠦ ᠦᠢᠯᠡᠴᠢᠯᠡᠭᠡ ᠶᠢ ᠵᠢᠩᠬᠢᠨᠢ ᠪᠠᠷ ᠨᠡᠪᠲᠡᠷᠡᠭᠦᠯᠵᠦ᠂ ᠤᠯᠤᠰ ᠤᠨ ᠳᠣᠲᠣᠭᠠᠳᠤ ᠶᠢᠨ ᠠᠶᠠᠨᠴᠢᠳ ᠬᠡᠷᠪᠡ ᠪᠣᠭᠤᠳᠠᠯ ᠪᠠᠭᠯᠠᠭ᠎ᠠ ᠪᠠᠨ ᠨᠠᠶᠢᠳᠠᠵᠦ ᠲᠡᠭᠡᠭᠡᠪᠦᠷᠢᠯᠡᠭᠦᠯᠬᠦ ᠥᠬᠡᠶ ᠪᠣᠯ᠂ ᠬᠥᠮᠦᠨ ᠤ ᠬᠦᠴᠦ ᠪᠠᠷ ᠪᠤᠶᠤ ᠦᠪᠡᠷ ᠢᠶᠠᠨ ᠦᠢᠯᠡᠴᠢᠯᠡᠬᠦ ᠯᠠᠩᠭᠦᠶ ᠳᠤ ᠬᠦᠷᠴᠦ ᠨᠢᠰᠭᠡᠯ ᠳᠤ ᠭᠠᠷᠬᠤ ᠴᠠᠭᠠᠰᠤᠨ ᠫᠠᠶᠢᠰᠠ ᠳᠠᠷᠤᠮᠠᠯᠯᠠᠭᠰᠠᠨ ᠤ ᠴᠢᠬᠤᠯᠠ ᠥᠬᠡᠶ᠂ ᠬᠦᠴᠦᠨ ᠪᠦᠬᠦᠢ ᠦᠨᠡᠮᠯᠡᠯ᠂ ᠨᠢᠰᠭᠡᠯ ᠳᠤ ᠭᠠᠷᠬᠤ ᠡᠯᠧᠺᠲᠷᠦᠨ ᠫᠠᠶᠢᠰᠠ ᠶᠢᠨ ᠬᠤᠶᠠᠷ ᠬᠡᠮᠵᠢᠯᠲᠤ ᠺᠤᠳ᠋ ᠢᠶᠠᠷ ᠰᠢᠭᠤᠳ ᠠᠶᠤᠯ ᠦᠭᠡᠢ ᠶᠢᠨ ᠪᠠᠶᠢᠴᠠᠭᠠᠯᠲᠠ ᠬᠢᠯᠭᠡᠬᠦ ᠪᠠ ᠨᠢᠰᠬᠡᠯ ᠳᠤ ᠭᠠᠷᠴᠤ ᠪᠣᠯᠤᠨ᠎ᠠ᠂ ᠡᠨᠡ ᠨᠢ ᠥᠷᠭᠡᠨ ᠣᠯᠠᠨ ᠠᠶᠠᠨᠴᠢᠳ ᠪᠣᠬᠢᠷᠲᠤᠯ ᠥᠬᠡᠶ ᠶᠠᠪᠤᠵᠤ ᠰᠠᠭᠤᠬᠤ ᠳᠤ ᠨᠠᠩ ᠳᠥᠭᠦᠮ ᠳᠥᠲᠡ ᠠᠷᠭ᠎ᠠ ᠬᠡᠯᠪᠡᠷᠢ ᠬᠠᠩᠭᠠᠵᠠᠶ᠃      ᠡᠨᠡ ᠤᠳᠠᠭ᠎ᠠ ᠶᠢᠨ ᠦᠶᠯᠡᠴᠢᠯᠡᠭᠡ ᠶᠢᠨ ᠳᠡᠭᠡᠭᠰᠢᠯᠡᠭᠦᠯᠦᠯᠲᠡ ᠨᠢ ᠠᠶᠠᠨᠴᠢᠳ ᠬᠤᠶᠠᠳᠠᠬᠢ ᠤᠳᠠᠭ᠎ᠠ ᠮᠥᠷᠯᠡᠵᠦ ᠬᠦᠯᠢᠶᠡᠬᠦ ᠴᠠᠭ ᠢ ᠪᠠᠭᠠᠰᠬᠠᠨ᠂ ᠵᠢᠵᠢᠭᠦᠷᠯᠡᠬᠦ ᠭᠠᠷ ᠭᠦᠶᠴᠡᠳᠬᠡᠯ ᠤᠨ ᠶᠠᠪᠤᠴᠠ ᠶᠢ ᠳᠥᠭᠦᠮᠴᠢᠯᠡᠵᠦ᠂ ᠠᠶᠠᠨᠴᠢᠳ ᠪᠣᠭᠤᠮᠲᠠ ᠥᠩᠭᠡᠷᠡᠬᠦ ᠳᠤ ᠳᠥᠭᠦᠮ ᠦᠵᠡᠭᠦᠯᠪᠡ᠃ ᠠᠶᠠᠨᠴᠢᠳ ︽ᠬᠠᠩ ᠯᠢᠦᠢ ᠽᠥᠩ ᠾᠧᠩ A P P︾ ᠵᠡᠷᠭᠡ ᠠᠭᠠᠷ ᠤᠨ ᠠᠶᠠᠯᠠᠯ ᠤᠨ ᠺᠣᠮᠫᠠᠨᠢ ᠶᠢᠨ A P P ᠵᠡᠷᠭᠡ ᠵᠥᠭᠡᠯᠡᠨ ᠲᠤᠨᠤᠭ ᠤᠨ ᠰᠦᠯᠵᠢᠶᠡᠨ ᠳᠡᠭᠡᠷ᠎ᠡ ᠠᠥ᠋ᠲ᠋ᠤ᠋ ᠮᠠᠰᠢᠨ ᠢᠶᠠᠷ ᠳᠠᠮᠵᠢᠨ᠂ ᠨᠢᠰᠭᠡᠯ ᠳᠤ ᠭᠠᠷᠬᠤ ᠡᠯᠧᠺᠲᠷᠦᠨ ᠬᠤᠶᠠᠷ ᠬᠡᠮᠵᠢᠯᠲᠤ ᠺᠤᠳ᠋ ᠢᠶᠠᠨ ᠤᠯᠤᠨ᠎ᠠ᠂ ᠠᠶᠤᠯ ᠦᠭᠡᠢ ᠶᠢᠨ ᠪᠠᠶᠢᠴᠠᠭᠠᠯᠲᠠ ᠬᠢᠬᠦ ᠦᠶ᠎ᠡ ᠳᠤ ᠬᠤᠶᠠᠷ ᠬᠡᠮᠵᠢᠯᠳᠦ ᠺᠣᠳ᠋ ᠢᠶᠠᠨ ᠭᠠᠷᠭᠠᠨ ᠦᠵᠡᠭᠦᠯᠪᠡᠯ ᠠᠶᠠᠨᠳᠠᠭᠠᠨ ᠠᠶᠤᠯ ᠦᠭᠡᠢ ᠶᠢᠨ ᠪᠠᠶᠢᠴᠠᠭᠠᠯᠲᠠ ᠬᠢᠭᠰᠡᠨ ᠲᠠᠮᠠᠭ᠎ᠠ ᠶᠢ ᠳᠠᠷᠤᠵᠤ ᠦᠭᠴᠦ᠂ ᠨᠢᠰᠬᠡᠯ ᠳᠤ ᠭᠠᠷᠬᠤ ᠦᠶ᠎ᠡ ᠳᠤ ᠬᠤᠶᠠᠷ ᠬᠡᠮᠵᠢᠯᠳᠦ ᠺᠣᠳ᠋ ᠢᠶᠠᠨ ᠭᠠᠷᠭᠠᠨ ᠮᠡᠳᠡᠭᠡ ᠵᠠᠩᠭᠢ ᠨᠢ ᠪᠤᠷᠤᠭᠤ ᠦᠭᠡᠢ ᠶᠤᠮ ᠪᠤᠯ ᠳᠠᠷᠤᠶ ᠨᠢᠰᠬᠡᠯ ᠎ ᠳᠤ ᠤᠷᠤᠭᠰᠢᠲᠠᠶ ᠭᠠᠷᠴᠤ ᠪᠣᠯᠤᠨ᠎ᠠ᠃ ᠣᠳᠣᠬᠠᠨ ᠳᠤ ᠲᠣᠰ ᠰᠢᠰᠲ᠋ᠧᠮ ᠨᠢ ᠴᠦᠨ ᠴᠢᠦ ᠠᠭᠠᠷ ᠤᠨ ᠠᠶᠠᠯᠠᠯ᠂ ᠵᠢᠦ ᠶᠤᠸᠠᠨ ᠠᠭᠠᠷ ᠤᠨ ᠠᠶᠠᠯᠠᠯ ᠳᠤ ᠳᠡᠮᠵᠢᠯᠭᠡ ᠦᠵᠡᠭᠦᠯᠬᠦ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号