ᠣᠶᠢᠷ᠎ᠠ ᠶᠢᠨ ᠵᠢᠯ ᠠᠴᠠ ᠨᠠᠭᠠᠰᠢ᠂ ᠨᠢᠭᠡ ᠪᠦᠯᠦᠭ ᠴᠢᠬᠤᠯᠠ ᠶᠡᠭᠡ ᠰᠣᠶᠣᠯ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠶᠢᠮᠠᠭ᠂ ᠬᠤᠰᠢᠭᠤ ᠰᠢᠶᠠᠨ ᠬᠤᠲᠠ ︵ | ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠳᠥᠷᠪᠡᠨ ᠱᠠᠲᠤᠨ ᠤ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠡᠳᠦᠷ ᠢᠷᠡᠬᠦᠶ᠎ᠡ | ᠪᠦᠷᠢᠨᠰᠢᠭᠦᠯᠪᠡ᠃ ᠰᠢᠯᠢ ᠶᠢᠨ ᠭᠤᠤᠯ ᠠᠶᠢᠮᠠᠭ ᠲᠤ ᠡᠯ᠎ᠡ ᠱᠠᠲᠤᠨ ᠤ ᠨᠡᠶᠢᠲᠡ ᠶᠢᠨ ᠨᠣᠮ ᠤᠨ ᠰᠠᠩ 14 ᠪᠣᠢ᠂ | ᠡᠭᠦᠨ ᠳᠤ᠂ ᠠᠶᠢᠮᠠᠭ ᠤᠨ ᠱᠠᠲᠤᠨ ᠤ ᠨᠣᠮ ᠤᠨ ᠰᠠᠩ 1᠂ ᠬᠤᠰᠢᠭᠤ ᠰᠢᠶᠠᠨ ᠬᠤᠲᠠ ︵ᠲᠣᠭᠤᠷᠢᠭ︶ ᠶᠢᠨ | ᠱᠠᠲᠤᠨ ᠤ ᠨᠣᠮ ᠤᠨ ᠰᠠᠩ 13᠂ ᠳᠡᠭᠡᠲᠦ ᠲᠡᠰ ᠤᠨ ᠨᠡᠶᠢᠲᠡ ᠶᠢᠨ ᠨᠣᠮ ᠤᠨ ᠰᠠᠩ ᠨᠡᠶᠢᠲᠡ 11 ᠪᠣᠶ︔ 14 | ᠰᠣᠶᠣᠯ ᠤᠨ ᠣᠷᠳᠣᠨ ᠲᠠᠢ ᠪᠠᠶᠢᠵᠦ᠂ ᠡᠭᠦᠨ ᠳᠤ ᠳᠡᠭᠡᠲᠦ ᠲᠡᠰ ᠤᠨ ᠰᠣᠶᠣᠯ ᠤᠨ ᠣᠷᠳᠣᠨ 9 ᠪᠣᠢ︔ ᠰᠤᠮᠤ | ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ 78 ᠪᠠᠶᠢᠵᠤ᠂ ᠡᠭᠦᠨ ᠳᠤ ᠰᠤᠮᠤ ᠰᠢᠶᠠᠩ | ᠪᠠᠯᠭᠠᠰᠤ ᠶᠢᠨ ᠳᠡᠭᠡᠲᠦ ᠲᠡᠰ ᠤᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ 14 ᠪᠤᠢ︔ ᠮᠦᠽᠧᠶ 18 ᠪᠠᠶᠢᠵᠦ᠂ | ᠡᠭᠦᠨ ᠳᠤ ᠤᠯᠤᠰ ᠤᠨ ᠦᠮᠴᠢᠯᠡᠯᠲᠦ ᠮᠦᠽᠧᠶ 11᠂ ᠤᠯᠤᠰ ᠤᠨ ᠦᠮᠴᠢᠯᠡᠯᠲᠦ ᠪᠣᠰᠤ ᠮᠦᠽᠧᠶ 7 ᠪᠣᠶ᠃ ᠡᠨᠡ | ᠵᠢᠯ᠂ ᠰᠢᠯᠢ ᠶᠢᠨ ᠭᠤᠣᠯ ᠤᠨ ᠤᠯᠠᠭᠠᠨᠮᠥ᠋ᠴᠢᠷ ᠤᠨ ᠰᠣᠶᠣᠯ ᠤᠨ ᠲᠥᠪ ᠪᠠ ᠠᠶᠢᠮᠠᠭ ᠤᠨ ᠨᠣᠮ ᠤᠨ ᠰᠠᠩ ᠢ | ᠪᠠᠶᠢᠭᠤᠯᠬᠤ ᠠᠵᠢᠯ ᠢ ᠡᠬᠢᠯᠡᠭᠦᠯᠪᠡ᠂ ᠪᠠᠷᠢᠯᠭ᠎ᠠ ᠶᠢᠨ ᠲᠠᠯᠠᠪᠠᠢ ᠨᠢ 50599 ᠲᠡᠭᠰᠢ ᠳᠦᠷᠪᠡᠯᠵᠢᠨ ᠮᠧᠲᠷ᠂ | ᠶᠡᠷᠦᠩᠬᠡᠢ ᠪᠡᠯᠡ ᠣᠷᠣᠭᠤᠯᠤᠯᠲᠠ 4.99 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠪᠠᠷᠢᠯᠭ᠎ᠠ | ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃ ᠦᠨᠦ ᠪᠣᠯᠬᠤ ᠳᠤ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ | ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠮᠦᠽᠧᠶ ︵ᠳᠤᠷᠠᠰᠬᠠᠯ ᠤᠨ ᠣᠷᠳᠣᠨ︶ ᠪᠣᠯᠤᠨ ᠨᠡᠶᠢᠲᠡ ᠶᠢᠨ | ᠨᠣᠮ ᠤᠨ ᠰᠠᠩ᠂ ᠰᠣᠶᠣᠯ ᠤᠨ ᠣᠷᠳᠣᠨ᠂ ᠰᠣᠶᠣᠯ ᠤᠨ ᠥᠷᠲᠡᠭᠡ ᠶᠢ ᠪᠦᠬᠦᠨ ᠢ ᠨᠡᠶᠢᠭᠡᠮ ᠨᠡᠶᠢᠲᠡ ᠳᠤ ᠦᠨ᠎ᠡ | ᠲᠦᠯᠦᠪᠦᠷᠢ ᠦᠭᠡᠢ ᠪᠠᠷ ᠨᠡᠭᠡᠭᠡᠪᠡ᠃ | |