ᠬᠢᠩᠭᠠᠨ ᠠᠶᠢᠮᠠᠭ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠢ ᠰᠦᠯᠵᠢᠶᠡᠨ ᠳᠤ ᠤᠷᠤᠭᠤᠯᠤᠨ ᠠᠵᠢᠯᠯᠠᠭᠤᠯᠪᠠ
ᠨᠡᠶᠢᠲᠡᠯᠡᠭᠰᠡᠨ ᠴᠠᠭ᠄
2019/12/20
     12 ᠳ᠋ᠤᠭᠠᠷ ᠰᠠᠷ᠎ᠠ ᠶᠢᠨ17᠎ ᠤ ᠡᠳᠦᠷ᠂ ᠬᠢᠩᠭᠠᠨ ᠠᠶᠢᠮᠠᠭ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠵᠢᠩᠬᠢᠨᠢ ᠪᠠᠷ ᠰᠦᠯᠵᠢᠶᠠᠨ ᠳᠡᠭᠡᠷ᠎ᠡ ᠠᠵᠢᠯᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠬᠡᠰᠢᠭᠦᠨ᠂  ᠠᠶᠢᠮᠠᠭ ᠤᠨ ᠪᠠᠶᠢᠩᠭᠤ ᠶᠢᠨ ᠳᠡᠳ᠋ ᠳᠠᠷᠤᠭ᠎ᠠ ᠰᠦᠢ ᠸᠧᠢ ᠵᠢᠶᠦ᠋ᠨ᠂ ᠦᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡᠨ ᠤ ᠠᠯᠪᠠᠨ ᠭᠡᠷ ᠤᠨ ᠳᠡᠳ᠋ ᠡᠷᠬᠢᠯᠡᠭᠴᠢ ᠦ᠋ ᠭᠤᠸᠠᠩ ᠪᠢᠶᠣᠣ᠂ ᠪᠡᠭᠡᠵᠢᠩ ᠤᠨ ᠠᠵᠤ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠶᠢᠨ ᠤᠷᠤᠨ ᠪᠦᠰᠡ ᠶᠢᠨ ᠮᠦᠩᠭᠦᠨ ᠭᠦᠢᠯᠭᠡᠭᠡᠨ ᠤ ᠢᠨᠵᠧᠨᠧᠷᠢᠩ ᠤᠨ ᠰᠤᠳᠤᠯᠭᠠᠨ ᠤ ᠲᠦᠪ ᠤᠨ ᠡᠷᠬᠢᠯᠡᠭᠴᠢ᠂ ᠫᠷᠦᠹᠧᠰᠰᠤᠷ ᠶᠠᠩ ᠳ᠋ᠧ ᠶᠦᠩ᠂ ᠠᠶᠢᠮᠠᠭ ᠤᠨ ᠳᠡᠳ᠋ ᠳᠠᠷᠤᠭ᠎ᠠ ᠯᠢᠦ ᠱᠤ᠋ ᠴᠧᠩ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠬᠤᠲᠠ ᠶᠢᠨ ᠮᠦᠩᠭᠦᠨ ᠭᠦᠢᠯᠭᠡᠭᠡᠨ ᠤ ᠠᠵᠢᠯ ᠢ ᠬᠤᠪᠢᠳᠠᠨ ᠬᠠᠷᠢᠭᠤᠴᠠᠵᠤ ᠪᠠᠶᠢᠭ᠎ᠠ ᠬᠤᠰᠢᠭᠤ ᠰᠢᠶᠠᠨ ᠬᠤᠲᠠ ᠶᠢᠨ ᠳᠡᠳ᠋ ᠳᠠᠷᠤᠭ᠎ᠠ ᠵᠢᠴᠢ ᠠᠶᠢᠮᠠᠭ ᠬᠤᠲᠠ ᠶᠢᠨ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠳᠠᠭᠠᠳᠬᠠᠯ ᠤᠨ ᠺᠤᠮᠫᠠᠨᠢ᠂ ᠠᠵᠤ ᠠᠬᠤᠶᠢᠯᠠᠯ ᠪᠠ ᠰᠤᠨᠢᠨ ᠮᠡᠳᠡᠭᠡ ᠵᠠᠭᠤᠴᠢ ᠶᠢᠨ ᠲᠦᠯᠦᠭᠡᠯᠡᠭᠴᠢ ᠵᠡᠷᠭᠡ ᠲᠠᠪᠴᠠᠩ ᠤᠨ ᠰᠦᠯᠵᠢᠶᠠᠨ ᠳᠡᠭᠡᠷ᠎ᠡ ᠭᠠᠷᠤᠭᠰᠠᠨ ᠢ ᠬᠠᠮᠲᠤ ᠪᠠᠷ ᠭᠡᠷᠡᠴᠢᠯᠡᠪᠡ᠃      ᠤᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠪᠤᠯ ᠦᠪᠡᠷᠲᠡᠭᠡᠨ ᠵᠠᠰᠠᠬᠤ ᠤᠷᠤᠨ ᠤ ᠪᠡᠯᠡ ᠲᠤᠬᠢᠷᠠᠭᠤᠯᠭ᠎ᠠ ᠶᠢᠨ ᠠᠩᠬᠠᠳᠠᠭᠴᠢ ᠦᠢᠯᠡᠴᠢᠯᠡᠭᠡᠨ ᠤ ᠲᠠᠪᠴᠠᠩ ᠮᠦᠨ᠂ ᠮᠦᠨ ᠴᠦ ᠦᠪᠡᠷᠲᠡᠭᠡᠨ ᠵᠠᠰᠠᠬᠤ ᠤᠷᠤᠨ ᠤ ᠰᠢᠶᠠᠨ ᠤ ᠬᠡᠪᠴᠢᠶᠠᠨ ᠤ ᠮᠦᠩᠭᠦᠨ ᠭᠦᠢᠯᠭᠡᠭᠡᠨ ᠤ ᠵᠢᠱᠢᠶ᠎ᠡ ᠦᠵᠡᠭᠦᠯᠬᠦ ᠢᠨᠵᠧᠨᠧᠷᠢᠩ ᠪᠤᠯᠤᠨ᠎ᠠ᠃ ᠲᠤᠰ ᠲᠠᠪᠴᠠᠩ ᠨᠢ ᠬᠢᠩᠭᠠᠨ ᠠᠶᠢᠮᠠᠭ ᠤᠨ ᠵᠠᠬᠢᠷᠭᠠᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠦᠪ ᠤᠨ ᠬᠤᠪᠢᠶᠠᠷᠢ ᠪᠠᠩᠬᠢ᠂ ᠬᠢᠩᠭᠠᠨ ᠠᠶᠢᠮᠠᠭ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠤᠪᠴᠢᠶ᠎ᠠ ᠠᠴᠠ ᠭᠤᠤᠯᠯᠠᠨ ᠡᠷᠬᠢᠯᠡᠭᠰᠡᠨ ᠪᠦᠭᠡᠳ ᠲᠦᠪ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠪᠠᠩᠬᠢ ᠠᠵᠤ ᠠᠬᠤᠶᠢᠯᠠᠯ ᠤᠨ ᠮᠡᠳᠡᠭᠡ ᠵᠠᠩᠬᠢ ᠲᠡᠭᠰᠢ ᠪᠤᠰᠤ ᠪᠠᠶᠢᠬᠤ︾ ᠪᠠ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠲᠤᠬᠢᠷᠠᠭᠤᠯᠬᠤ ᠳᠤ ᠬᠦᠴᠢᠷᠲᠠᠢ᠂ ᠪᠡᠯᠡ ᠲᠤᠬᠢᠷᠠᠭᠤᠯᠬᠤ ᠳᠤ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠤᠨ᠂ ᠮᠦᠩᠭᠦᠨ ᠭᠦᠢᠯᠭᠡᠭᠡᠨ ᠠᠴᠠ ᠪᠤᠳᠠᠲᠤ ᠠᠵᠤ ᠠᠬᠤᠢ ᠶᠢ ᠳᠡᠮᠵᠢᠬᠦ ᠶᠢ ᠠᠬᠢᠭᠤᠯᠬᠤ ᠠᠷᠭ᠎ᠠ ᠬᠡᠮᠵᠢᠶ᠎ᠡ ᠪᠤᠯᠤᠨ᠎ᠠ᠃       ᠤᠳᠤᠬᠠᠨ ᠳᠤ᠂ ᠲᠤᠰ ᠲᠠᠪᠴᠠᠩ ᠨᠢ ᠬᠠᠩᠭᠠᠯᠭ᠎ᠠ ᠬᠡᠷᠡᠭᠴᠡᠭᠡ ᠵᠤᠯᠭᠠᠭᠤᠯᠵᠤ ᠂ ᠢᠲᠡᠭᠡᠮᠵᠢ ᠶᠢ ᠢᠯᠭᠠᠨ  ᠲᠤᠳᠤᠯᠠᠬᠤ᠂ ᠲᠦᠷᠦ ᠶᠢᠨ ᠪᠤᠳᠤᠯᠭ᠎ᠠ ᠶᠢᠨ ᠮᠡᠳᠡᠭᠡᠯᠡᠯ᠂ ᠲᠤᠰᠬᠠᠢ ᠮᠡᠷᠭᠡᠵᠢᠯᠲᠡᠨ ᠵᠦᠪᠯᠡᠭᠡ ᠦᠭᠬᠦ ᠵᠡᠷᠭᠡ ᠴᠢᠳᠠᠮᠵᠢ ᠎ ᠲᠠᠢ  ᠪᠠᠶᠢᠵᠤ᠂ ᠲᠠᠪᠴᠠᠩ ᠨᠢ ᠵᠠᠰᠠᠭ ᠤᠨ ᠤᠷᠳᠤᠨ᠂ ᠪᠠᠩᠬᠢ᠂ ᠳᠠᠭᠠᠭᠠᠯᠲᠠ ᠶᠢᠨ ᠺᠤᠮᠫᠠᠨᠢ᠂ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠪᠦᠲᠦᠮᠵᠢᠲᠠᠢ ᠪᠠᠷ ᠤᠶᠠᠯᠳᠤᠵᠤ᠂ ︽ᠰᠦᠯᠵᠢᠶᠠᠨ ᠳᠡᠭᠡᠷᠡᠬᠢ ᠪᠠ ᠰᠦᠯᠵᠢᠶᠠᠨ ᠭᠠᠳᠠᠨᠠᠬᠢ ᠦᠢᠯᠡᠴᠢᠯᠡᠭᠡ ᠶᠢ ᠬᠤᠤᠰᠯᠠᠭᠤᠯᠬᠤ᠂ ᠪᠠᠷᠢᠮᠵᠢᠶᠠᠵᠢᠭᠤᠯᠤᠯᠲᠠ ᠶᠢᠨ ᠳᠡᠯᠭᠡᠷᠡᠭᠦᠯᠦᠯᠲᠡ ᠪᠠ ᠦᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠷᠢᠯᠴᠠᠨ ᠨᠦᠬᠦᠪᠦᠷᠢᠯᠡᠬᠦ︾ ᠤᠨᠴᠠᠯᠢᠭᠲᠤ ᠦᠢᠯᠡᠴᠢᠯᠡᠭᠡ ᠶᠢᠨ ᠰᠢᠰᠲ᠋ᠧᠮᠵᠢ ᠪᠠᠷ ᠳᠠᠮᠵᠢᠨ᠂ ᠬᠦᠷᠦᠩᠭᠡ ᠪᠠ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠠᠯᠪᠢᠵᠤ ᠨᠠᠷᠢᠨ ᠬᠢᠨᠠᠮᠠᠭᠠᠢ ᠵᠤᠯᠭᠠᠭᠤᠯᠬᠤ ᠪᠤᠯᠭᠠᠵᠤ᠂ ᠵᠠᠰᠠᠭ ᠤᠨ ᠤᠷᠳᠤᠨ ᠠᠵᠤ ᠠᠬᠤᠶᠢᠯᠠᠯ ᠤᠨ ᠮᠡᠳᠡᠭᠡ ᠵᠠᠩᠬᠢ ᠲᠡᠭᠰᠢ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠤᠯᠤᠨ᠎ᠠ᠃ ᠲᠠᠪᠴᠠᠩ ᠤᠨ ᠠᠵᠤ ᠠᠬᠤᠢ ᠶᠢᠨ ᠪᠠᠶᠢᠳᠠᠯ ᠢ ᠬᠢᠨᠠᠨ ᠪᠠᠶᠢᠴᠠᠭᠠᠬᠤ ᠰᠢᠰᠲ᠋ᠧᠮ ᠢᠶᠠᠷ ᠳᠠᠮᠵᠢᠭᠠᠳ᠂ ᠠᠵᠤ ᠠᠬᠤᠶᠢᠯᠠᠯ ᠤᠨ ᠬᠠᠤᠯᠢ ᠶᠢᠨ ᠬᠦᠮᠦᠨ ᠤ ᠤᠷᠤᠯᠭ᠎ᠠ ᠪᠠ ᠡᠳ᠋ ᠬᠦᠷᠦᠩᠭᠡ ᠶᠢᠨ ᠮᠡᠳᠡᠭᠡ ᠵᠠᠩᠬᠢ ᠶᠢ ᠪᠠᠶᠢᠴᠠᠭᠠᠨ ᠯᠠᠪᠯᠠᠵᠤ᠂ ᠤᠯᠠᠨ ᠲᠠᠯ᠎ᠠ ᠠᠴᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠤᠭ᠎ᠠ ᠪᠠᠷᠢᠮᠲᠠ ᠶᠢᠨ ᠲᠦᠰᠢᠭ ᠲᠤᠯᠭᠠᠭᠤᠷᠢ ᠬᠠᠩᠭᠠᠵᠤ ᠦᠭᠭᠦᠨ  ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠲᠦᠭᠰᠢᠭᠦᠷᠢ ᠶᠢ ᠪᠦᠲᠦᠮᠵᠢᠲᠠᠢ ᠢᠯᠭᠠᠨ ᠲᠠᠨᠢᠬᠤ ᠪᠠ ᠰᠡᠷᠭᠡᠶᠢᠯᠡᠨ ᠡᠵᠡᠮᠳᠡᠬᠦ ᠎ ᠳᠤ ᠬᠦᠴᠦᠨ ᠨᠡᠮᠡᠷᠢᠯᠡᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠶᠢ ᠳᠦᠭᠦᠮᠴᠢᠯᠡᠨ ᠠᠬᠢᠭᠤᠯᠵᠤ ᠪᠤᠯᠤᠨ᠎ᠠ᠃      ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ ᠨᠢᠭᠡᠨᠲᠠ 77 ᠮᠦᠩᠭᠦᠨ ᠭᠦᠢᠯᠭᠡᠭᠡᠨ ᠤ ᠪᠠᠶᠢᠭᠤᠯᠤᠮᠵᠢ ᠲᠠᠪᠴᠠᠩ ᠳᠤ ᠤᠷᠣᠵᠤ᠂ ᠠᠶᠢᠮᠠᠭ ᠤᠨ ᠲᠤᠲᠤᠷᠠᠬᠢ 20 ᠭᠠᠷᠤᠢ ᠪᠠᠩᠬᠢ 117 ᠮᠦᠩᠭᠦᠨ ᠭᠦᠢᠯᠭᠡᠭᠡᠨ ᠤ ᠨᠡᠷᠡᠳᠬᠦᠨ ᠢ ᠨᠡᠶᠢᠲᠡᠯᠡᠵᠦ᠂ 3 ᠪᠦᠯᠦᠭ ᠵᠢᠭᠡᠯᠡᠯᠭᠡ ᠲᠠᠯᠪᠢᠵᠤ᠂ 2910 ᠲᠦᠮᠡᠨ ᠲᠦᠭᠦᠷᠢᠭ ᠲᠠᠯᠪᠢᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号