ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2019/12/24

     ᠳᠥᠷᠪᠡ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠡᠵᠡᠨ ᠮᠡᠳᠡᠵᠦ ᠠᠳᠠᠯ ᠦᠢᠯᠡᠰ ᠪᠣᠰᠬᠠᠬᠤ ᠭᠡᠵᠦ ᠶᠠᠭᠤ ᠪᠣᠢ︖
     ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠡᠵᠡᠨ ᠮᠡᠳᠡᠵᠦ ᠠᠳᠠᠯ ᠦᠢᠯᠡᠰ ᠪᠣᠰᠬᠠᠬᠤ ᠭᠡᠳᠡᠭ ᠪᠣᠯ ᠬᠠᠤᠯᠢ ᠶᠣᠰᠣᠭᠠᠷ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠵᠦ᠂ ᠥᠪᠡᠷ ᠤᠨ ᠡᠵᠡᠮᠰᠢᠵᠦ ᠪᠠᠶᠢᠭ᠎ᠠ ᠡᠬᠢ ᠪᠠᠶᠠᠯᠢᠭ ᠲᠤ ᠪᠠᠨ ᠲᠦᠰᠢᠭᠯᠡᠬᠦ ᠪᠤᠶᠤ ᠥᠪᠡᠷ ᠤᠨ ᠢᠶᠠᠨ ᠴᠢᠷᠮᠠᠶᠢᠯᠭ᠎ᠠ ᠪᠠᠷ ᠳᠠᠮᠵᠢᠭᠤᠯᠤᠨ ᠡᠵᠡᠮᠰᠢᠵᠦ ᠪᠠᠶᠢᠭ᠎ᠠ ᠡᠬᠢ ᠪᠠᠶᠠᠯᠢᠭ ᠢᠶᠠᠨ ᠰᠢᠯᠢᠳᠡᠭᠵᠢᠭᠦᠯᠬᠦ ᠪᠠ ᠡᠮᠬᠢᠯᠡᠨ ᠨᠡᠶᠢᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠡᠷᠬᠢᠯᠡᠨ ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠬᠤ ᠶᠠᠪᠤᠴᠠ ᠶᠢ ᠵᠢᠭᠠᠵᠤ ᠪᠠᠶᠢᠨ᠎ᠠ᠃
     ᠲᠠᠪᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠬᠤ ᠭᠡᠵᠦ ᠶᠠᠭᠤ ᠪᠣᠢ︖
     ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠬᠤ ᠭᠡᠳᠡᠭ ᠪᠣᠯ ᠭᠠᠳᠠᠭᠰᠢ ᠭᠠᠷᠴᠤ ᠬᠦᠴᠦᠨ ᠤ ᠠᠵᠢᠯ ᠬᠢᠭᠰᠡᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠭᠠᠵᠠᠷ ᠲᠤ ᠪᠠᠨ ᠪᠤᠴᠠᠬᠤ ᠪᠤᠶᠤ ᠮᠤᠵᠢ ᠬᠤᠲᠠ ᠲᠣᠭᠤᠷᠢᠭ ᠠᠯᠤᠰᠯᠠᠨ ᠥᠪᠡᠷᠲᠡᠭᠡᠨ ᠵᠠᠰᠠᠬᠤ ᠣᠷᠣᠨ ᠤ ᠬᠢᠯᠢ ᠳᠤ ᠪᠤᠴᠠᠨ ᠢᠷᠡᠬᠦ᠂ ᠠᠶᠢᠮᠠᠭ ᠬᠤᠲᠠ ᠠᠯᠤᠰᠯᠠᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠠᠶᠢᠮᠠᠭ ᠬᠤᠲᠠ ᠳᠤ ᠪᠠᠨ  ᠪᠤᠴᠠᠬᠤ᠂ ᠬᠤᠰᠢᠭᠤ ᠰᠢᠶᠠᠨ ᠠᠯᠤᠰᠯᠠᠨ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠬᠤᠰᠢᠭᠤ ᠰᠢᠶᠠᠨ ᠳᠤ ᠪᠠᠨ ᠪᠤᠴᠠᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠵᠦ᠂ ᠥᠪᠡᠷ ᠤᠨ ᠡᠵᠡᠮᠰᠢᠵᠦ ᠪᠠᠶᠢᠭ᠎ᠠ ᠡᠬᠢ ᠪᠠᠶᠠᠯᠢᠭ ᠲᠤ ᠪᠠᠨ ᠲᠦᠰᠢᠭᠯᠡᠬᠦ ᠪᠤᠶᠤ ᠥᠪᠡᠷ ᠤᠨ ᠢᠶᠠᠨ ᠴᠢᠷᠮᠠᠶᠢᠯᠭ᠎ᠠ ᠪᠠᠷ ᠳᠠᠮᠵᠢᠭᠤᠯᠤᠨ ᠡᠵᠡᠮᠰᠢᠵᠦ ᠪᠠᠶᠢᠭ᠎ᠠ ᠡᠬᠢ ᠪᠠᠶᠠᠯᠢᠭ ᠢᠶᠠᠨ ᠰᠢᠯᠢᠳᠡᠭᠵᠢᠭᠦᠯᠬᠦ ᠪᠠ ᠡᠮᠬᠢᠯᠡᠨ ᠨᠡᠶᠢᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠡᠷᠬᠢᠯᠡᠨ ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠬᠤ ᠶᠠᠪᠤᠴᠠ ᠶᠢ ᠵᠢᠭᠠᠵᠤ ᠪᠠᠶᠢᠨ᠎ᠠ  ᠃
     ᠵᠢᠷᠭᠤᠭ᠎ᠠ᠂ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠪᠠ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠠᠵᠢᠯ ᠣᠯᠵᠤ ᠠᠳᠠᠯ ᠦᠢᠯᠡᠰ ᠪᠣᠰᠬᠠᠬᠤ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠬᠤ ᠪᠣᠢ︖
     ᠬᠠᠷᠢᠭᠤᠯᠲᠠ᠄  ᠠᠳᠠᠯ ᠦᠢᠯᠡᠰ ᠪᠣᠰᠬᠠᠬᠤ ᠬᠦᠰᠡᠯ ᠡᠷᠡᠮᠡᠯᠵᠡᠯ ᠪᠦᠬᠦᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠪᠠ ᠮᠠᠯᠴᠢᠨ ᠲᠠᠷᠢᠶᠠᠴᠢᠨ ᠬᠦᠴᠦ ᠶᠠᠪᠤᠭᠴᠢᠳ ᠵᠡᠷᠭᠡ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠭᠴᠢᠳ ᠠᠴᠠ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ︵ᠠᠳᠠᠯ ᠦᠢᠯᠡᠰ ᠪᠣᠰᠬᠠᠬᠤ ᠰᠦᠯᠵᠢᠶᠡᠨ ᠤ ᠪᠣᠯᠪᠠᠰᠤᠷᠠᠭᠤᠯᠤᠯ ᠢ ᠪᠠᠭᠲᠠᠭᠠᠨ᠎ᠠ︶ ᠳᠤ ᠣᠷᠣᠯᠴᠠᠵᠤ᠂ ᠬᠠᠮᠢᠶ᠎ᠠ ᠪᠦᠬᠦᠢ ᠲᠣᠭᠲᠠᠭᠠᠯ ᠤᠨ ᠨᠥᠬᠦᠴᠡᠯ ᠳᠤ ᠨᠡᠶᠢᠴᠡᠭᠰᠡᠨ ᠪᠣᠯ᠂ ᠲᠣᠭᠲᠠᠭᠠᠯ ᠶᠣᠰᠣᠭᠠᠷ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠨᠥᠬᠦᠪᠦᠷᠢ ᠥᠭᠬᠦ ᠶᠢᠨ ᠬᠠᠮᠲᠤ᠂ ᠠᠳᠠᠯ ᠦᠢᠯᠡᠰ ᠪᠣᠰᠬᠠᠬᠤ ᠵᠢᠯᠣᠭᠤᠳᠤᠯᠭ᠎ᠠ ᠪᠠ ᠠᠳᠠᠯ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠵᠡᠷᠭᠡ ᠠᠳᠠᠯ ᠦᠢᠯᠡᠰ ᠪᠣᠰᠬᠠᠬᠤ ᠦᠢᠯᠡᠴᠢᠯᠡᠭᠡ ᠬᠠᠩᠭᠠᠨ᠎ᠠ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠪᠠᠶᠢᠭᠤᠯᠤᠨ ᠡᠷᠬᠢᠯᠡᠭᠰᠡᠨ ᠪᠠ ᠬᠤᠪᠢ ᠶᠢᠨ ᠡᠵᠡᠩᠨᠡᠯᠲᠡ ᠡᠷᠬᠢᠯᠡᠭᠰᠡᠨ ᠮᠥᠷᠲᠡᠭᠡᠨ ᠪᠠᠶᠢᠭᠤᠯᠤᠨ ᠡᠷᠬᠢᠯᠡᠭᠰᠡᠨ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠭᠰᠡᠨ ᠡᠳᠦᠷ ᠠᠴᠠ ᠡᠬᠢᠯᠡᠨ 6 ᠰᠠᠷ᠎ᠠ ᠠᠴᠠ ᠳᠡᠭᠡᠭᠰᠢ ᠬᠡᠪ ᠢᠶᠠᠷ ᠠᠵᠢᠯᠯᠠᠭᠤᠯᠤᠨ ᠡᠵᠡᠩᠨᠡᠭᠰᠡᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ᠂ ᠨᠢᠭᠡ ᠯᠡ ᠤᠳᠠᠭ᠎ᠠ ᠳᠡᠭᠡᠷ᠎ᠡ ᠣᠯᠭᠤᠬᠤ ᠠᠳᠠᠯ ᠦᠢᠯᠡᠰ ᠪᠣᠰᠬᠠᠬᠤ ᠨᠥᠬᠦᠪᠦᠷᠢ ᠥᠭᠭᠦᠨ᠎ᠡ᠃ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠤᠯᠲᠠ ᠲᠠᠢ ᠪᠠᠷ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠬᠤᠰᠢᠭᠤ ᠰᠢᠶᠠᠨ ᠠᠴᠠ ᠭᠠᠳᠠᠭᠰᠢ ᠭᠠᠷᠭᠠᠵᠤ ᠠᠵᠢᠯ ᠣᠯᠭᠤᠭᠰᠠᠨ ᠪᠣᠯ᠂ ᠨᠢᠭᠡ ᠯᠡ ᠤᠳᠠᠭ᠎ᠠ ᠳᠡᠭᠡᠷ᠎ᠡ ᠣᠯᠭᠤᠬᠤ ᠠᠵᠢᠯ ᠡᠷᠡᠮᠡᠯᠵᠡᠵᠦ ᠠᠳᠠᠯ ᠦᠢᠯᠡᠰ ᠪᠣᠰᠬᠠᠬᠤ ᠨᠥᠬᠦᠪᠦᠷᠢ ᠥᠭᠭᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ