ᠤᠯᠠᠭᠠᠨᠴᠠᠪ ᠬᠤᠲᠠ ᠰᠤᠷᠭᠠᠭᠤᠯᠢ ᠬᠡᠦᠬᠡᠳ ᠤᠨ ᠴᠡᠴᠡᠷᠯᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2019/12/3
     11 ᠳ᠋ᠦ᠋ᠭᠡᠷ ᠰᠠᠷ᠎ᠠ ᠶᠢᠨ 29᠎ ᠤ ᠡᠳᠦᠷ᠂ ᠤᠯᠠᠭᠠᠨᠴᠠᠪ ᠬᠤᠲᠠ ᠶᠢᠨ ᠰᠤᠷᠭᠠᠭᠤᠯᠢ ᠬᠡᠦᠬᠡᠳ ᠤᠨ ᠴᠡᠴᠡᠷᠯᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠠ ᠬᠢᠨᠠᠨ ᠬᠠᠮᠢᠶᠠᠷᠬᠤ ᠠᠵᠢᠯᠲᠠᠨ ᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ︽ᠤᠭ ᠰᠠᠨᠠᠭ᠎ᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠣᠯ ᠰᠡᠲᠦᠪᠲᠦ ᠬᠦᠮᠦᠵᠢᠯ ᠢ ᠭᠦᠨᠵᠡᠭᠡᠢ ᠠᠬᠢᠭᠤᠯᠤᠨ᠂ ᠪᠦᠬᠦ ᠬᠤᠲᠠ ᠶᠢᠨ ᠰᠤᠷᠭᠠᠭᠤᠯᠢ ᠬᠡᠦᠬᠡᠳ ᠤᠨ ᠴᠡᠴᠡᠷᠯᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠲᠠᠪᠤᠷᠢᠵᠢᠭᠤᠯᠵᠦ᠂ ᠰᠤᠷᠭᠠᠭᠤᠯᠢ ᠬᠡᠦᠬᠡᠳ ᠤᠨ ᠴᠡᠴᠡᠷᠯᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠦᠪᠡᠷ ᠢ ᠪᠠᠨ ᠪᠠᠶᠢᠴᠠᠭᠠᠬᠤ ᠪᠠ ᠬᠠᠮᠢᠶᠠᠷᠬᠤ ᠴᠢᠳᠠᠪᠤᠷᠢ ᠶᠢ ᠴᠢᠩᠭᠠᠳᠬᠠᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠨ ᠬᠠᠮᠢᠶᠠᠷᠬᠤ ᠠᠵᠢᠯᠲᠠᠨ ᠤ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠ ᠲᠣᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃      ᠪᠣᠯᠪᠠᠰᠤᠷᠠᠭᠤᠯᠤᠯ ᠨᠢ ᠦᠪᠡᠷᠲᠡᠭᠡᠨ ᠵᠠᠰᠠᠬᠤ ᠣᠷᠤᠨ ᠤ ᠢᠳᠡᠭᠡᠨ ᠪᠠ ᠡᠮ ᠤᠨ ᠵᠦᠢᠯ ᠢ ᠪᠠᠶᠢᠴᠠᠭᠠᠬᠤ ᠶᠡᠷᠦᠩᠬᠡᠢ ᠠᠩᠭᠢ ᠪᠠ ᠬᠦᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠪᠠ ᠵᠢᠰᠦ ᠭᠤᠶᠦᠯᠠᠯ ᠤᠨ ᠡᠳ᠋ ᠤᠨ ᠭᠠᠵᠠᠷ ᠤᠨ ᠢᠳᠡᠭᠡᠨ ᠤᠮᠳᠠᠭᠠᠨ ᠤ ᠰᠠᠯᠠᠭ᠎ᠠ ᠶᠢᠨ ᠬᠠᠷᠢᠭᠤᠴᠠᠯᠭᠠᠲᠠᠨ ᠢ ᠲᠤᠰᠬᠠᠢ ᠤᠷᠢᠵᠦ᠂ ︽ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠪᠠ ᠰᠢᠮ᠎ᠡ ᠲᠡᠵᠢᠭᠡᠯ ᠤᠨ ᠬᠠᠮᠢᠶᠠᠷᠤᠯᠲᠠ ᠶᠢᠨ ᠲᠣᠭᠲᠠᠭᠠᠯ︾᠂ ︽ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯᠯᠠᠭᠠᠨ ᠤ ᠲᠦᠷᠢᠮᠵᠢᠯ︾ ᠵᠢᠴᠢ ︽ᠬᠡᠦᠬᠡᠳ ᠤᠨ ᠴᠡᠴᠡᠷᠯᠢᠭ᠂ ᠰᠤᠷᠭᠠᠭᠤᠯᠢ ᠶᠢᠨ ᠬᠤᠭᠤᠯᠠᠨ ᠭᠡᠷ᠂ ᠲᠣᠮᠤ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ︿ᠲᠠᠪᠤᠨ ᠵᠦᠢᠯᠴᠢᠯᠡᠭᠰᠡᠨ﹀ ᠵᠢᠯᠤᠭᠤᠤᠬᠤ ᠰᠠᠨᠠᠯ︾ ᠵᠡᠷᠭᠡ ᠲᠠᠯ᠎ᠠ ᠪᠠᠷ ᠭᠦᠨᠵᠡᠭᠡᠢ ᠪᠦᠭᠡᠳ ᠣᠶᠢᠯᠠᠭᠠᠮᠵᠢᠲᠠᠢ᠂ ᠠᠮᠢᠲᠤᠯᠢᠭ ᠪᠦᠭᠡᠳ ᠪᠣᠲᠠᠲᠤ ᠬᠡᠷᠡᠭᠴᠡᠭᠡ ᠲᠠᠢ ᠬᠢᠴᠢᠶᠡᠯ ᠣᠷᠤᠭᠤᠯᠵᠦ᠂ ᠪᠣᠯᠪᠠᠰᠤᠷᠠᠭᠤᠯᠤᠯ ᠳᠤ ᠣᠷᠤᠯᠴᠠᠭᠰᠠᠳ ᠤᠨ ᠨᠢᠭᠡᠲᠦᠯᠲᠠᠢ ᠰᠠᠶᠢᠨ ᠦᠨᠡᠯᠡᠯᠲᠠ ᠶᠢ ᠣᠯᠵᠠᠢ᠃      ᠪᠣᠯᠪᠠᠰᠤᠷᠠᠭᠤᠯᠤᠯ ᠳᠤ ᠣᠷᠤᠯᠴᠠᠭᠰᠠᠳ᠂ ᠲᠤᠰ ᠤᠳᠠᠭ᠎ᠠ ᠶᠢᠨ ᠪᠣᠯᠪᠠᠰᠤᠷᠠᠭᠤᠯᠤᠯ ᠢᠶᠠᠷ ᠲᠣᠬᠢᠶᠠᠯ ᠪᠣᠯᠭᠠᠨ᠂ ︽ᠤᠭ ᠰᠠᠨᠠᠭ᠎ᠠ ᠪᠠᠨ ᠦᠯᠦ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠣᠯ ᠰᠡᠲᠦᠪᠲᠦ ᠬᠦᠮᠦᠵᠢᠯ ᠢᠶᠠᠷ ᠰᠠᠭᠤᠷᠢ ᠪᠣᠯᠭᠠᠵᠦ᠂ ᠦᠵᠡᠯᠲᠡ ᠲᠠᠨᠢᠯᠲᠠ ᠪᠠᠨ ᠳᠡᠭᠡᠭᠰᠢᠯᠡᠭᠦᠯᠦᠨ᠂ ᠡᠭᠦᠷᠭᠡ ᠴᠢᠳᠠᠪᠤᠷᠢ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠠᠢ ᠭᠦᠢᠴᠡᠳᠭᠡᠵᠦ᠂ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠬᠦ︾ ᠪᠦᠬᠦ ᠶᠠᠪᠤᠴᠠ ᠳᠤ ᠢᠳᠡᠭᠡᠨ ᠤ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠠᠶᠦᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠡᠵᠡᠮᠳᠡᠵᠦ᠂ ᠦᠷᠭᠡᠨ ᠣᠯᠠᠨ ᠪᠠᠭᠰᠢ ᠰᠤᠷᠤᠭᠴᠢᠳ ᠪᠣᠯᠤᠨ ᠨᠠᠰᠤᠲᠠᠶᠢᠴᠦᠳ ᠤᠨ ᠢᠳᠡᠵᠦ ᠤᠤᠭᠤᠬᠤ ᠳᠤ ᠰᠠᠨᠠᠭ᠎ᠠ ᠠᠮᠤᠷ ᠪᠠᠶᠢᠯᠭᠠᠬᠤ ᠶᠢ ᠪᠠᠲᠤᠯᠠᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠷᠭᠢᠯᠤᠮ᠎ᠠ ᠬᠠᠯᠠᠭᠤᠨ ᠡᠭᠦᠷᠭᠡᠲᠦ ᠰᠡᠳᠭᠢᠯᠭᠡ ᠪᠠᠷ ᠪᠦᠬᠦ ᠬᠤᠲᠠ ᠶᠢᠨ ᠰᠤᠷᠭᠠᠭᠤᠯᠢ ᠬᠡᠦᠬᠡᠳ ᠤᠨ ᠴᠡᠴᠡᠷᠯᠢᠭ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠠᠮᠣᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠦ᠂ ᠳᠡᠭᠡᠲᠦ ᠬᠡᠮᠵᠢᠶᠡᠨ ᠤ ᠬᠠᠷᠢᠭᠤᠴᠠᠯᠭᠠᠲᠤ ᠰᠡᠳᠭᠢᠯᠭᠡ ᠪᠠᠷ ᠢᠳᠡᠭᠡᠨ ᠤ ᠪᠦᠬᠦ ᠶᠠᠪᠤᠴᠠ ᠶᠢᠨ ᠠᠮᠤᠷ ᠲᠦᠪᠰᠢᠨ ᠢ ᠪᠠᠲᠤᠯᠠᠨ᠎ᠠ᠃ ᠰᠡᠳᠭᠢᠨ ᠰᠤᠷᠤᠯᠴᠠᠵᠦ ᠤᠬᠠᠮᠰᠡᠷ ᠠᠴᠠ ᠪᠠᠨ ᠦᠢᠯᠡᠳᠦᠯᠭᠡᠵᠢᠭᠦᠯᠵᠦ᠂ ᠴᠢᠩᠭ᠎ᠠ ᠲᠤᠯᠭᠠᠮ ᠰᠡᠳᠭᠢᠯᠭᠡ ᠪᠠᠷ ᠡᠯ᠎ᠡ ᠵᠦᠢᠯ ᠤᠨ ᠢᠳᠡᠭᠡᠨ ᠤ ᠠᠮᠤᠷ ᠲᠦᠪᠰᠢᠨ ᠤ ᠲᠦᠷᠢᠮ ᠢ ᠴᠢᠩᠭ᠎ᠠ ᠲᠤᠭᠤᠰᠢᠯᠠᠭᠤᠯᠤᠨ ᠨᠠᠶᠢᠲᠠᠪᠤᠷᠢᠵᠢᠭᠤᠯᠤᠨ᠎ᠠ᠃ ᠢᠳᠡᠭᠡᠨ ᠤ ᠠᠮᠤᠷ ᠲᠦᠪᠰᠢᠨ ︽ᠡᠭᠦᠷᠢᠲᠡ ᠵᠣᠭᠰᠤᠰᠢ ᠦᠭᠡᠢ ᠪᠠᠶᠢᠬᠤ︾ ᠡᠭᠦᠷᠭᠡᠲᠦ ᠰᠡᠳᠭᠢᠯᠭᠡ ᠂ ᠲᠤᠯᠭᠠᠮ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ ᠪᠠᠷ ᠭᠦᠴᠢᠷ ᠪᠡᠷᠬᠡ ᠶᠢ ᠢᠯᠠᠨ ᠳᠠᠪᠠᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠰᠪᠦᠷᠢ ᠬᠠᠲᠠᠭᠤᠵᠢᠯᠲᠠᠢ᠂ ᠡᠷᠡᠯᠭᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠷ ᠦᠷᠭᠡᠨ ᠣᠯᠠᠨ ᠪᠠᠭᠰᠢ ᠰᠤᠷᠤᠭᠴᠢᠳ ᠪᠣᠯᠤᠨ ᠨᠠᠰᠤᠲᠠᠶᠢᠴᠦᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠠᠲᠤᠯᠠᠨ᠎ᠠ ᠭᠡᠵᠦ ᠢᠯᠡᠳᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号