ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠠᠰᠠᠯᠲᠠ ᠶᠢᠨ ᠠᠵᠢᠯ ᠢ ᠦᠷᠨᠢᠭᠦᠯᠦᠭᠰᠡᠨ ᠠᠴᠠ | ᠨᠠᠭᠠᠰᠢ᠂ ᠬᠤᠲᠠ ᠶᠢᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ | ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠬᠤ᠂ ᠢᠳᠡᠪᠬᠢᠲᠠᠢ ᠵᠠᠰᠠᠬᠤ᠂ ᠳᠡᠭᠡᠳᠤ ᠬᠡᠮᠵᠢᠶ᠎ᠡ ᠪᠠᠷ ᠲᠦᠯᠦᠪᠯᠡᠬᠦ ᠶᠢ | ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠴᠢᠮᠵᠢᠭᠦᠯᠵᠦ᠂ ᠪᠦᠬᠦ ᠬᠤᠲᠠ ᠶᠢᠨ ᠤᠷᠤᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠪᠠᠲᠤᠯᠠᠪᠠ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠤᠬᠠᠭᠤᠯᠤᠨ ᠳᠠᠶᠢᠴᠢᠯᠠᠬᠤ᠂ | ᠰᠦᠪᠡᠭᠴᠢ ᠶᠢ ᠪᠠᠶᠢᠴᠠᠭᠠᠨ ᠵᠢᠭᠰᠠᠭᠠᠬᠤ᠂ ᠠᠵᠢᠯ ᠲᠦᠷᠦᠯ ᠢᠶᠠᠷ ᠬᠢᠨᠠᠨ ᠬᠠᠮᠢᠶᠠᠷᠬᠤ ᠵᠡᠷᠭᠡ ᠲᠠᠯ᠎ᠠ ᠶᠢᠨ ᠠᠰᠠᠭᠤᠳᠠᠯ | ᠳᠤ ᠠᠩᠬᠠᠷᠤᠯ ᠢᠶᠠᠨ ᠲᠦᠪᠯᠡᠷᠡᠭᠦᠯᠵᠦ᠂ ᠤᠷᠢᠳ ᠬᠤᠵᠢᠳ 3 ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ᠂ | 1 ᠤᠳᠠᠭᠠᠨ ᠤ ᠲᠤᠪᠴᠢᠶᠠᠨ ᠤ ᠠᠵᠢᠯ ᠤᠨ ᠬᠤᠷᠠᠯ᠂ 1 ᠤᠳᠠᠭᠠᠨ ᠤ ᠳᠠᠶᠢᠴᠢᠯᠠᠯᠲᠠ ᠶᠢᠨ ᠬᠤᠷᠠᠯ᠂ 1 ᠤᠳᠠᠭᠠᠨ | ᠤ ᠰᠤᠳᠤᠯᠤᠨ ᠮᠠᠭᠠᠳᠯᠠᠬᠤ ᠬᠤᠷᠠᠯ᠂ 1 ᠤᠳᠠᠭᠠᠨ ᠤ ᠵᠤᠬᠢᠴᠠᠭᠤᠯᠬᠤ ᠰᠤᠳᠤᠯᠭᠠᠨ ᠤ ᠬᠤᠷᠠᠯ ᠢ ᠬᠤᠷᠠᠯᠳᠤᠭᠤᠯᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠠᠵᠢᠯ ᠲᠦᠷᠦᠯ ᠤᠨ ᠰᠤᠯᠠ ᠵᠠᠳᠠᠭᠠᠢ ᠪᠠᠶᠢᠳᠠᠯ ᠢ | ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ︽ᠪᠦᠬᠦ ᠬᠤᠲᠠ ᠶᠢᠨ ᠭᠡᠷ ᠭᠠᠵᠠᠷ | ᠬᠦᠷᠦᠩᠭᠡ ᠶᠢᠨ ᠵᠠᠬ᠎ᠠ ᠳᠡᠯᠭᠡᠭᠦᠷ ᠤᠨ ᠰᠤᠯᠠ ᠵᠠᠳᠠᠭᠠᠢ ᠪᠠᠶᠢᠳᠠᠯ ᠢ ᠲᠤᠰᠬᠠᠢ ᠴᠡᠭᠴᠡᠯᠡᠨ ᠵᠠᠰᠠᠬᠤ ᠬᠡᠷᠡᠭᠵᠢᠭᠦᠯᠦᠯᠲᠡ | ᠲᠦᠰᠦᠯ︾ ᠪᠠ ︽ᠭᠡᠷ ᠭᠠᠵᠠᠷ ᠬᠦᠷᠦᠩᠭᠡ ᠶᠢᠨ ᠠᠵᠢᠯ ᠤᠨ ᠰᠤᠯᠠ ᠵᠠᠳᠠᠭᠠᠢ ᠪᠠᠶᠢᠳᠠᠯ ᠢ ᠲᠤᠰᠬᠠᠢ ᠴᠡᠭᠴᠡᠯᠡᠨ | ᠵᠠᠰᠠᠬᠤ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ︾ ᠶᠢ ᠲᠤᠭᠲᠠᠭᠠᠬᠤ ᠶᠢᠨ ᠬᠠᠮᠲᠤ | ᠲᠠᠷᠬᠠᠭᠠᠨ ᠬᠡᠷᠡᠭᠵᠢᠭᠦᠯᠵᠦ᠂ ᠭᠡᠷ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠯᠲᠠ ᠶᠢᠨ ᠲᠠᠯ᠎ᠠ ᠪᠠᠷ ᠬᠠᠤᠯᠢ | ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠭᠡᠷ ᠭᠠᠵᠠᠷ ᠬᠦᠷᠦᠩᠭᠡ ᠶᠢᠨ ᠵᠠᠭᠤᠴᠢ ᠡᠵᠡᠩᠨᠡᠯᠲᠡ ᠶᠢᠨ | ᠲᠠᠯ᠎ᠠ ᠪᠠᠷ ᠬᠠᠤᠯᠢ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠠᠳᠠᠯ ᠠᠬᠤᠢ ᠶᠢᠨ ᠬᠦᠷᠢᠶᠡᠨ ᠳᠠᠬᠢ | ᠬᠠᠤᠯᠢ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠤᠷᠤᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠶᠢᠨ ᠬᠦᠷᠢᠶᠡᠨ ᠳᠠᠬᠢ ᠬᠠᠤᠯᠢ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠭᠦᠯᠢᠶᠡᠬᠦ ᠬᠦᠷᠢᠶᠠᠨ ᠳᠠᠬᠢ ᠬᠠᠤᠯᠢ ᠲᠤᠭᠲᠠᠭᠠᠯ ᠠᠴᠠ ᠵᠦᠷᠢᠴᠡᠭᠰᠡᠨ | ᠦᠢᠯᠡ ᠠᠵᠢᠯᠯᠠᠭ᠎ᠠ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠰᠤᠯᠠ ᠵᠠᠳᠠᠭᠠᠢ ᠪᠠᠶᠢᠳᠠᠯ᠂ ᠭᠡᠷ ᠭᠠᠵᠠᠷ ᠬᠦᠷᠦᠩᠭᠡ ᠶᠢᠨ | ᠲᠡᠦᠬᠡ ᠶᠢᠨ ᠦᠯᠡᠳᠡᠭᠳᠡᠯ ᠠᠰᠠᠭᠤᠳᠠᠯ ᠵᠡᠷᠭᠡ 7 ᠲᠠᠯ᠎ᠠ ᠶᠢᠨ 81 ᠵᠦᠢᠯ ᠤᠨ ᠭᠡᠷ ᠭᠠᠵᠠᠷ ᠬᠦᠷᠦᠩᠭᠡ ᠶᠢᠨ ᠠᠵᠢᠯ | ᠲᠦᠷᠦᠯ ᠤᠨ ᠰᠤᠯᠠ ᠵᠠᠳᠠᠭᠠᠢ ᠪᠠᠶᠢᠳᠠᠯ ᠪᠤᠯᠤᠨ 8 ᠵᠦᠢᠯ ᠤᠨ ᠭᠡᠷ ᠭᠠᠵᠠᠷ ᠬᠦᠷᠦᠩᠭᠡ ᠶᠢᠨ ᠬᠦᠷᠢᠶᠠᠨ ᠳᠠᠬᠢ ᠬᠠᠷ᠎ᠠ | ᠪᠦᠯᠦᠭᠲᠡᠨ ᠬᠠᠷᠭᠢᠰ ᠬᠦᠴᠦᠨ ᠳᠤ ᠬᠤᠯᠪᠤᠭᠳᠠᠵᠤ ᠮᠡᠳᠡᠬᠦ ᠦᠢᠯᠡ ᠠᠵᠢᠯᠯᠠᠭ᠎ᠠ ᠶᠢ ᠮᠠᠭᠠᠳᠯᠠᠨ ᠲᠤᠭᠲᠠᠭᠠᠪᠠ᠃ | ᠭᠡᠷ ᠭᠠᠵᠠᠷ ᠬᠦᠷᠦᠩᠭᠡ ᠶᠢᠨ ᠠᠵᠢᠯ ᠲᠦᠷᠦᠯ ᠤᠨ ᠰᠤᠯᠠ ᠵᠠᠳᠠᠭᠠᠢ ᠪᠠᠶᠢᠳᠠᠯ ᠢ ᠴᠡᠭᠴᠡᠯᠡᠨ ᠵᠠᠰᠠᠬᠤ᠂ ᠠᠳᠠᠯ | ᠠᠬᠤᠢ ᠶᠢᠨ ᠠᠵᠢᠯ ᠲᠦᠷᠦᠯ ᠤᠨ ᠰᠤᠯᠠ ᠵᠠᠳᠠᠭᠠᠢ ᠪᠠᠶᠢᠳᠠᠯ ᠢ ᠴᠡᠭᠴᠡᠯᠡᠨ ᠵᠠᠰᠠᠬᠤ᠂ ᠳᠠᠭᠠᠭᠠᠴᠢᠯᠠᠯᠲᠠ ᠵᠠᠷᠯᠠᠬᠤ | ᠲᠠᠭᠠᠭᠠᠴᠢᠯᠠᠯᠲᠠ ᠬᠦᠯᠢᠶᠡᠬᠦ ᠬᠦᠷᠢᠶᠠᠨ ᠳᠠᠬᠢ ᠰᠤᠯᠠ ᠵᠠᠳᠠᠭᠠᠢ ᠪᠠᠶᠢᠳᠠᠯ ᠢ ᠴᠡᠭᠴᠡᠯᠡᠨ ᠵᠠᠰᠠᠬᠤ᠂ ᠭᠡᠷ ᠭᠠᠵᠠᠷ | ᠬᠦᠷᠦᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠳᠦᠷᠪᠡᠨ ᠠᠵᠢᠯ ᠤᠨ ᠲᠤᠰᠬᠠᠢ | ᠠᠩᠭᠢ ᠶᠢ ᠲᠤᠳᠤᠷᠬᠠᠠᠶᠢᠯᠠᠵᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠲᠦᠯᠬᠢᠨ ᠠᠬᠢᠭᠤᠯᠪᠠ᠃ ᠭᠡᠷ ᠭᠠᠵᠠᠷ ᠬᠦᠷᠦᠩᠭᠡ ᠶᠢᠨ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ | ᠲᠤᠰᠬᠠᠢ ᠲᠦᠯᠬᠢᠨ ᠠᠬᠢᠭᠤᠯᠬᠤ ᠳᠤᠭᠤᠶᠢᠯᠠᠩ ᠪᠠᠶᠢᠭᠤᠯᠵᠤ᠂ ᠬᠤᠰᠢᠭᠤ ᠲᠤᠭᠤᠷᠢᠭ ᠲᠤ ᠤᠴᠢᠵᠤ ᠰᠠᠭᠤᠨ | ᠠᠵᠢᠯ ᠢ ᠵᠢᠯᠤᠭᠤᠳᠪᠠ᠃ ᠤᠳᠤᠬᠠᠨ ᠪᠤᠯᠲᠠᠯ᠎ᠠ᠂ ᠪᠦᠬᠦ ᠬᠤᠲᠠ ᠨᠡᠶᠢᠲᠡ 1191 ᠲᠦᠷᠦᠯ ᠢ ᠪᠠᠶᠢᠴᠠᠭᠠᠨ | ᠵᠢᠭᠰᠠᠭᠠᠵᠤ᠂ ᠠᠵᠢᠯ ᠲᠦᠷᠦᠯ ᠤᠨ ᠰᠤᠯᠠ ᠵᠠᠳᠠᠭᠠᠢ ᠪᠠᠶᠢᠬᠤ ᠪᠠᠶᠢᠳᠠᠯ ᠢ 453 ᠲᠦᠷᠦᠯ ᠢᠯᠡᠷᠡᠭᠦᠯᠪᠡ᠃ ᠠᠵᠤ | ᠠᠬᠤᠶᠢᠯᠠᠯ ᠲᠠᠢ ᠪᠤᠯᠵᠤᠨ ᠶᠠᠷᠢᠯᠴᠠᠬᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ᠂ ᠵᠠᠷᠯᠢᠭᠳᠠᠵᠤ ᠪᠠᠶᠢᠭᠠᠳ ᠠᠵᠢᠯ ᠵᠤᠭᠰᠤᠭᠠᠬᠤ᠂ ᠢᠲᠡᠭᠡᠮᠵᠢ ᠶᠢᠨ ᠳᠠᠩᠰᠠ ᠡᠪᠬᠡᠮᠡᠯ ᠳᠤ | ᠲᠡᠮᠳᠡᠭᠯᠡᠨ ᠤᠷᠤᠭᠤᠯᠬᠤ᠂ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠲᠤ ᠰᠢᠯᠵᠢᠭᠦᠯᠦᠨ ᠬᠦᠷᠭᠡᠬᠦ᠂ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠳᠤᠬᠠᠨ | ᠳᠤ ᠨᠢᠭᠡᠨᠲᠡ 317 ᠲᠦᠷᠦᠯ ᠢ ᠴᠡᠭᠴᠡᠯᠡᠨ ᠦᠭᠡᠷᠡᠴᠢᠯᠡᠵᠦ᠂ ᠤᠷᠤᠨ ᠰᠠᠭᠤᠴᠠ ᠶᠢᠨ ᠲᠤᠰᠬᠠᠢ ᠰᠡᠯᠪᠢᠨ ᠵᠠᠰᠠᠬᠤ | ᠪᠡᠯᠡ ᠮᠦᠩᠭᠦ 2124.75 ᠲᠦᠮᠡᠨ ᠲᠦᠭᠦᠷᠢᠭ ᠨᠡᠬᠡᠮᠵᠢᠯᠡᠨ ᠲᠤᠰᠢᠶᠠᠯᠭᠠᠪᠠ᠃ | ᠳᠠᠷᠠᠭ᠎ᠠ ᠠᠯᠬᠤᠮ ᠳᠤ᠂ ᠬᠤᠲᠠ ᠶᠢᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠤᠪᠴᠢᠶ᠎ᠠ ᠨᠢ ᠬᠤᠰᠢᠭᠤ ᠲᠤᠭᠤᠷᠢᠭ ᠤᠨ ᠤᠷᠤᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠵᠤᠬᠢᠴᠠᠯᠳᠤᠨ ᠬᠠᠮᠲᠤᠷᠠᠯᠴᠠᠬᠤ ᠪᠠᠨ ᠴᠢᠩᠭᠠᠳᠬᠠᠵᠤ᠂ ᠤᠷᠤᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠤᠭᠳᠠᠭᠰᠠᠨ | ᠠᠰᠠᠭᠤᠳᠠᠯ ᠢ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠭᠡᠷ ᠭᠠᠵᠠᠷ | ᠬᠦᠷᠦᠩᠭᠡ ᠶᠢᠨ ᠠᠵᠢᠯ ᠲᠦᠷᠦᠯ ᠤᠨ ᠰᠤᠯᠠ ᠵᠠᠳᠠᠭᠠᠢ ᠪᠠᠶᠢᠬᠤ ᠪᠠᠶᠢᠳᠠᠯ ᠢ ᠴᠡᠭᠴᠡᠯᠡᠨ ᠵᠠᠰᠠᠬᠤ ᠶᠢ ᠨᠡᠩ | ᠭᠦᠨᠵᠡᠭᠡᠶᠢᠷᠡᠭᠦᠯᠦᠨ ᠲᠦᠯᠬᠢᠨ ᠠᠬᠢᠭᠤᠯᠤᠨ᠎ᠠ᠃ |