| | 12 ᠰᠠᠷ᠎ᠠ ᠶᠢᠨ 29 ᠤ ᠡᠳᠦᠷ᠂ ᠪᠦᠬᠦ ᠤᠯᠤᠰ ᠤᠨ ᠤᠯᠤᠰ ᠲᠥᠷᠦ ᠶᠢᠨ ᠵᠥᠪᠯᠡᠯᠭᠡᠨ ᠤ ᠪᠠᠶᠢᠩᠭᠤ ᠶᠢᠨ | ᠭᠡᠰᠢᠭᠦᠨ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠳᠠᠷᠤᠭ᠎ᠠ᠂ ᠠᠯᠳᠠᠷᠲᠤ ᠱᠤᠭᠤᠮᠠᠯᠴᠢᠨ ᠡᠤ | ᠸᠧᠶ ᠱᠠᠨ ᠫᠷᠣᠹᠧᠰᠰᠣᠷ ᠤᠷᠢᠯᠭ᠎ᠠ ᠪᠠᠷ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠡᠷᠳᠡᠮ | ᠰᠢᠨᠵᠢᠯᠡᠭᠡᠨ ᠤ ᠮᠡᠳᠡᠭᠦᠯᠦᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦ᠋ ᠰᠢᠶᠣᠤ ᠯᠢᠨ᠂ ᠪᠠᠶ ᠢᠦᠶ ᠭᠠᠩ᠂ ᠡᠸᠦ ᠶᠠᠩ | ᠰᠢᠶᠣᠤ ᠬᠤᠢ᠂ ᠵᠧᠩ ᠬᠤᠩ ᠹᠠᠨ᠂ ᠬᠤᠸᠠᠩ ᡁᠢ ᠴᠢᠶᠠᠩ ᠮᠡᠳᠡᠬᠦᠯᠦᠯᠳᠡ ᠶᠢᠨ ᠬᠤᠷᠠᠯ ᠳᠤ ᠣᠷᠣᠯᠴᠠᠵᠠᠢ᠃ | ᠡᠤ ᠸᠧᠶ ᠱᠠᠨ ᠫᠷᠣᠹᠧᠰᠰᠤᠷ ︽ᠱᠤᠭᠤᠮᠠᠯ ᠪᠠ ᠰᠣᠶᠣᠯ ᠢᠷᠭᠡᠨᠰᠢᠯ︾ ᠭᠡᠬᠦ ᠰᠡᠳᠦᠪ ᠢᠶᠠᠷ ᠱᠤᠭᠤᠮᠠᠯ ᠤᠨ | ᠰᠣᠶᠣᠯ ᠢ ᠤᠯᠠᠮᠵᠢᠯᠠᠨ ᠳᠡᠯᠭᠡᠷᠡᠭᠦᠯᠬᠦ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠳᠠᠶᠢᠯᠤᠮᠵᠢ ᠬᠢᠵᠦ᠂ | ᠳᠤᠮᠳᠠᠳᠤ ᠤᠯᠤᠰ ᠤᠨ ᠣᠳᠣ ᠦᠶ᠎ᠡ ᠶᠢᠨ ᠱᠤᠭᠤᠮᠠᠯ ᠨᠢ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ | ᠴᠢᠷᠮᠠᠶᠢᠬᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠠᠷ ᠭᠤᠤᠯ ᠪᠣᠯᠭᠠᠭᠰᠠᠨ ᠥᠷᠲᠡᠭ ᠤᠨ ᠬᠠᠨᠳᠤᠰᠢ ᠪᠠ | ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠱᠤᠭᠤᠮᠠᠯ ᠤᠨ ᠵᠣᠬᠢᠶᠠᠨ ᠪᠦᠲᠦᠭᠡᠯᠭᠡ ᠳᠠᠬᠢ ᠢᠯᠡᠷᠡᠯ ᠢ | ᠲᠣᠳᠣᠷᠬᠠᠶᠢᠯᠠᠨ ᠥᠭᠦᠯᠡᠵᠦ᠂ ᠤᠷᠠᠯᠢᠭ ᠤᠨ ᠵᠣᠬᠢᠶᠠᠨ ᠪᠦᠲᠦᠭᠡᠯᠭᠡ ᠶᠢ ᠭᠠᠭᠴᠠ ᠬᠦ ᠤᠯᠤᠰ ᠭᠦᠷᠦᠨ᠂ ᠴᠠᠭ ᠦᠶ᠎ᠡ᠂ | ᠠᠷᠠᠳ ᠲᠦᠮᠡᠨ ᠲᠠᠢ ᠤᠶᠠᠯᠳᠤᠭᠤᠯᠪᠠᠯ ᠰᠠᠶ᠋ᠢ ᠨᠠᠩ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠢ ᠢᠯᠡᠷᠡᠬᠦᠯᠵᠥ | ᠴᠢᠳᠠᠬᠤ ᠭᠡᠳᠡᠭ ᠢ ᠳᠤᠳᠤᠷᠬᠠᠢᠢᠯᠠᠨ ᠦᠬᠦᠯᠡᠵᠡᠢ᠃ ᠲᠡᠷᠡ ᠪᠠᠰᠠ ᠦᠪᠡᠷ ᠤᠨ ᠤᠷᠠᠯᠢᠭ ᠤᠨ ᠵᠣᠬᠢᠶᠠᠨ ᠪᠦᠲᠦᠭᠡᠯᠭᠡ | ᠬᠢᠭᠰᠡᠨ 30 ᠭᠠᠷᠤᠶ ᠵᠢᠯ ᠤᠨ ᠲᠤᠷᠰᠢᠬᠢ ᠪᠤᠳᠤᠯ ᠰᠡᠳᠭᠢᠯ ᠦᠩᠬᠡᠷᠡᠯᠳᠡ ᠪᠠᠨ ᠬᠤᠪᠢᠶᠠᠯᠴᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ | ᠰᠣᠶᠣᠯ ᠤᠷᠠᠯᠢᠭ ᠤᠨ ᠡᠲᠡᠭᠡᠳ ᠤᠨ ᠬᠥᠮᠦᠰ᠂ ᠬᠥᠬᠡᠬᠤᠲᠠ ᠳᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ | ᠭᠤᠤᠯ ᠬᠠᠷᠢᠭᠤᠴᠠᠯᠭᠠᠲᠠᠨ ᠨᠥᠬᠦᠳ ᠪᠣᠯᠤᠨ ᠪᠠᠭᠰᠢ ᠰᠤᠷᠤᠭᠴᠢᠳ ᠤᠨ ᠲᠥᠯᠥᠭᠡᠯᠡᠭᠴᠢ ᠭᠤᠤᠯ ᠬᠤᠷᠠᠯ ᠤᠨ | ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠶ᠃ |