12 ᠰᠠᠷ᠎ᠠ ᠶᠢᠨ 29 ᠤ ᠦᠳᠡ ᠶᠢᠨ ᠡᠮᠦᠨ᠎ᠠ᠂ ᠬᠦᠬᠡᠬᠤᠳᠠ ᠶᠢᠨ ᠵᠢᠮᠳᠤ ᠲᠡᠮᠦᠷ ᠵᠠᠮ ᠤᠨ 1 ᠨᠤᠮᠧᠷᠳᠤ | ᠱᠤᠭᠤᠮ ᠤᠨ ᠲᠦᠷᠦᠬᠦᠦ ᠡᠬᠡᠯᠵᠢ ᠶᠢᠨ ᠭᠠᠯᠳᠤ ᠲᠡᠷᠬᠡ ᠬᠦᠬᠡᠬᠤᠳᠠ ᠶᠢᠨ ᠭᠠᠯᠳᠤ ᠲᠡᠷᠬᠡᠨ ᠤ ᠵᠡᠬᠦᠨ ᠦᠷᠳᠡᠭᠡ ᠶᠢᠨ | ᠦᠷᠳᠡᠭᠡ ᠠᠴᠠ ᠮᠤᠷᠳᠠᠭᠠᠳ ᠭᠠᠷᠬᠤ ᠶᠢ ᠲᠠᠭᠠᠯᠳᠤᠨ᠂ ᠪᠦᠬᠦ ᠤᠷᠤᠨ ᠤ ᠠᠩᠬᠠᠳᠠᠬᠴᠢ ᠵᠢᠮᠳᠤ ᠲᠡᠮᠦᠷ ᠵᠠᠮ | ᠵᠢᠩᠬᠢᠨᠢ ᠪᠠᠷ ᠲᠡᠷᠭᠡ ᠨᠡᠪᠲᠡᠷᠡᠵᠦ᠂ ᠮᠠᠨ ᠤ ᠤᠷᠤᠨ ᠤ ᠵᠢᠮᠳᠤ ᠲᠡᠮᠦᠷ ᠵᠠᠮ ᠦᠭᠡᠢ ᠪᠠᠶᠢᠬᠰᠠᠨ ᠲᠡᠤᠬᠡ ᠶᠢ | ᠡᠴᠦᠰᠯᠡᠬᠦᠯᠦᠯᠠ᠃ | ᠦᠪᠡᠷᠳᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ | ᠬᠤᠷᠢᠶᠠᠠ ᠤ ᠱᠦᠵᠢ ᠸᠠᠩ ᠯᠢ ᠰᠢᠶᠠ ᠲᠡᠷᠭᠡ ᠨᠡᠪᠳᠡᠷᠡᠬᠦ ᠶᠤᠰᠤᠯᠠᠯ ᠳᠤ ᠤᠷᠤᠯᠴᠠᠪᠠ᠃ | 3 ᠵᠢᠯ ᠭᠠᠷᠤᠢ ᠶᠢᠨ ᠪᠠᠷᠢᠯᠭ᠎ᠠ ᠶᠢᠨ ᠪᠦᠲᠦᠬᠡᠨ ᠪᠠᠶᠢᠭᠤᠯᠤᠯᠳᠠ ᠪᠠᠷ ᠲᠠᠮᠵᠢᠵᠦ ᠵᠢᠩᠬᠢᠨᠢ ᠪᠠᠷ ᠲᠡᠷᠬᠡ ᠨᠡᠪᠲᠡᠷᠡᠵᠦ | ᠠᠰᠢᠬᠯᠠᠯᠳᠠ ᠳᠤ ᠤᠷᠤᠬᠰᠠᠨ ᠮᠠᠨ ᠤ ᠤᠷᠤᠨ ᠤ ᠲᠦᠷᠦᠬᠦᠦ ᠵᠤᠷᠪᠤᠰ ᠵᠢᠮᠳᠤ ᠲᠡᠮᠦᠷ ᠵᠠᠮ ᠪᠤᠯᠬᠤ ᠬᠦᠬᠡᠬᠤᠳᠠ ᠶᠢᠨ | ᠵᠢᠮᠳᠤ ᠲᠡᠮᠦᠷ ᠵᠠᠮ ᠤᠨ 1 ᠨᠤᠮᠧᠷᠳᠤ ᠱᠤᠭᠤᠮ ᠨᠢ ᠪᠠᠷᠠᠭᠤᠨ ᠢᠶᠠᠨ ᠢᠯᠢ ᠶᠢᠨ ᠡᠷᠡᠬᠦᠯ ᠮᠡᠨᠳᠤ ᠶᠢᠨ ᠬᠦᠨᠳᠡᠢ | ᠦᠷᠳᠡᠭᠡ ᠠᠴᠠ ᠡᠬᠢᠯᠡᠵᠦ᠂ ᠵᠡᠬᠦᠨ ᠢᠶᠠᠨ ᠪᠠᠶᠠᠨ ︵ᠨᠢᠰᠬᠡᠯ ᠤᠨ ᠪᠠᠭᠤᠳᠠᠯ︶ ᠦᠷᠳᠡᠭᠡ ᠬᠦᠷᠴᠤ᠂ ᠪᠦᠬᠦ | ᠱᠤᠭᠤᠮ ᠤᠨ ᠤᠷᠳᠤ ᠨᠢ 21.7 ᠺᠢᠯᠣᠮᠧᠲᠷ ᠪᠠᠶᠢᠵᠦ᠂ ᠨᠡᠶᠢᠳᠡ 20 ᠦᠷᠳᠡᠭᠡ ᠲᠤᠬᠢᠷᠠᠭᠤᠯᠵᠦ᠂ ᠦᠷᠳᠡᠭᠡ ᠶᠢᠨ | ᠬᠤᠭᠤᠷᠤᠨᠳᠤᠬᠢ ᠲᠤᠮᠳᠠᠴᠢ ᠵᠠᠢ ᠨᠢ 1187 ᠮᠧᠲᠷ ᠪᠠᠶᠢᠵᠦ᠂ ᠤᠳᠤᠬᠠᠨ ᠳᠤ 6 ᠴᠤᠪᠤᠭ᠎ᠠ ᠭᠠᠯᠳᠤ ᠲᠡᠷᠬᠡ | ᠲᠤᠬᠢᠷᠠᠭᠤᠯᠵᠦ᠂ ᠭᠠᠯᠳᠤ ᠲᠡᠷᠬᠡ ᠶᠢᠨ ᠬᠠᠮᠤᠬ ᠤᠨ ᠲᠡᠭᠡᠳᠤ ᠬᠤᠷᠳᠤᠴᠠ ᠨᠢ 80 ᠺᠢᠯᠤᠮᠧᠲᠷ \ ᠴᠠᠬ ᠲᠤ ᠬᠦᠷᠴᠤ | ᠪᠠᠶᠢᠨ᠎ᠠ᠃ ᠲᠤᠰ ᠲᠦᠷᠦᠯ ᠵᠦᠢᠯ ᠳᠤ PPP ᠬᠡᠯᠪᠡᠷᠢ ᠪᠠᠷ ᠨᠡᠶᠢᠳᠡ 170.57 ᠳ᠋ᠦᠩᠰᠢᠭᠤᠷ ᠲᠦᠬᠦᠷᠢᠭ ᠪᠡᠯᠡ | ᠤᠷᠤᠭᠤᠯᠵᠠᠢ᠃ ᠵᠢᠮᠳᠤ ᠲᠡᠮᠦᠷ ᠵᠠᠮ ᠤᠨ 1 ᠨᠤᠮᠧᠷᠳᠤ ᠱᠤᠭᠤᠮ ᠤᠨ ᠭᠠᠯᠳᠤ ᠲᠡᠷᠬᠡ ᠨᠢ ᠤᠳᠤᠬᠠᠨ ᠳᠤ | ᠤᠯᠤᠰ ᠤᠨ ᠲᠤᠳᠤᠭᠠᠳᠤ ᠶᠢᠨ ᠬᠠᠮᠤᠬ ᠤᠨ ᠬᠦᠩᠬᠡᠨ ᠬᠦᠩᠬᠡᠨᠴᠠᠭᠠᠨ ᠤ ᠬᠠᠶᠢᠯᠤᠰᠢ ᠶᠢᠨ ᠵᠢᠮᠳᠤ ᠲᠡᠮᠦᠷ ᠵᠠᠮ ᠤᠨ | ᠭᠠᠯᠳᠤ ᠲᠡᠷᠬᠡ ᠪᠠᠶᠢᠵᠦ᠂ ᠭᠠᠯᠳᠤ ᠲᠡᠷᠬᠡ ᠶᠢᠨ ᠠᠶᠠᠯᠠᠬᠤ ᠶᠠᠪᠤᠴᠠ ᠳᠠᠬᠢ ᠡᠨᠧᠷᠬᠢ ᠶᠢᠨ ᠬᠤᠷᠤᠬᠳᠡᠯ ᠢ ᠶᠡᠭᠡ ᠪᠠᠷ | ᠪᠠᠭᠠᠰᠬᠠᠬᠤ ᠶᠢᠨ ᠬᠠᠮᠳᠤ᠂ ᠭᠠᠵᠠᠷ ᠲᠤᠤᠷᠠᠬᠢ ᠲᠡᠮᠦᠷ ᠵᠠᠮ ᠤᠨ ᠵᠢᠮ ᠬᠢᠬᠡᠳ ᠭᠠᠯᠳᠤ ᠲᠡᠷᠬᠡ ᠶᠢᠨ ᠦᠷᠦᠯᠳᠡ ᠶᠢ | ᠪᠠᠭᠠᠰᠬᠠᠬᠰᠠᠨ ᠪᠠᠶᠢᠨ᠎ᠠ᠃ ᠭᠠᠯᠳᠤ ᠲᠡᠷᠬᠡ ᠨᠢ ᠪᠠᠰᠠ ᠤᠯᠤᠰ ᠤᠨ ᠲᠤᠳᠤᠭᠠᠳᠤ ᠳᠤ ᠲᠦᠷᠦᠬᠦᠦ ᠤᠳᠠᠭ᠎ᠠ ᠳ᠋ᠠᠩ | ᠠᠭᠠᠷ ᠲᠤᠬᠢᠷᠠᠭᠤᠯᠤᠬᠴᠢ ᠶᠢᠨ ᠮᠠᠰᠢᠨ ᠴᠤᠬᠴᠠᠯᠠᠪᠤᠷᠢ ᠶᠢᠨ ᠵᠢᠷᠤᠬ ᠲᠦᠯᠦᠪᠯᠡᠭᠡ ᠶᠢᠨ ᠲᠦᠰᠦᠯ ᠢ ᠬᠡᠷᠡᠭᠯᠡᠵᠦ᠂ | ᠠᠭᠠᠷ ᠲᠤᠬᠢᠷᠠᠭᠤᠯᠤᠬᠴᠢ ᠶᠢᠨ ᠮᠠᠰᠢᠨ ᠴᠤᠬᠴᠠᠯᠠᠪᠤᠷᠢ ᠳᠤ ᠰᠢᠨ᠎ᠠ ᠬᠡᠯᠪᠡᠷᠢ ᠶᠢᠨ ᠦᠯᠢᠶᠡᠯᠳᠡ ᠶᠢᠨ ᠲᠦᠬᠦᠬᠡᠷᠦᠮᠵᠢ᠂ | ᠲᠠᠪᠳᠠᠮᠵᠢᠳᠤ ᠡᠵᠡᠮᠳᠡᠬᠦᠷ ᠵᠡᠷᠬᠡ ᠲᠡᠷᠢᠬᠦᠨ ᠤ ᠮᠡᠷᠬᠡᠵᠢᠯ ᠢ ᠬᠡᠷᠡᠭᠯᠡᠵᠦ᠂ ᠠᠭᠠᠷ ᠲᠤᠬᠢᠷᠠᠭᠤᠯᠤᠬᠴᠢ ᠶᠢᠨ ᠲᠤᠯᠠᠭᠠᠨ ᠤ | ᠬᠡᠮᠵᠢᠶ᠎ᠠ ᠶᠢ ᠴᠠᠬ ᠲᠤᠬᠠᠢ ᠳᠤᠨᠢ ᠡᠵᠡᠮᠳᠡᠵᠦ ᠲᠡᠶᠢᠯᠬᠦ ᠪᠤᠯᠤᠬᠰᠠᠨ ᠢᠶᠠᠷ ᠠᠶᠠᠨᠴᠢᠨ ᠤ ᠲᠤᠭ᠎ᠠ ᠳᠤ ᠦᠨᠳᠦᠰᠦᠯᠡᠨ | ᠠᠭᠠᠷ ᠲᠤᠬᠢᠷᠠᠭᠤᠯᠤᠬᠴᠢ ᠶᠢᠨ ᠦᠯᠢᠶᠡᠯᠳᠡ ᠶᠢᠨ ᠬᠡᠮᠵᠢᠶ᠎ᠠ ᠶᠢ ᠲᠤᠬᠢᠷᠠᠭᠤᠯᠬᠤ ᠶᠢᠨ ᠤᠯᠠᠮ ᠢᠶᠠᠷ ᠠᠶᠠᠨᠴᠢᠳ ᠲᠤ | ᠨᠡᠩ ᠲᠠᠭᠠᠯᠠᠮᠵᠢᠳᠠᠢ ᠤᠷᠴᠢᠨ ᠬᠠᠩᠭᠠᠬᠤ ᠶᠢᠨ ᠬᠠᠮᠳᠤ᠂ ᠡᠨᠧᠷᠬᠢ ᠶᠢᠨ ᠬᠤᠷᠤᠬᠳᠠᠯ ᠢ 20% ᠪᠠᠷ ᠪᠠᠭᠠᠰᠬᠠᠬᠤ | ᠪᠤᠯᠤᠨ᠎ᠠ᠃ | ᠤᠳᠤᠬᠠᠨ ᠳᠤ᠂ ᠵᠢᠮᠳᠤ ᠲᠡᠮᠦᠷ ᠵᠠᠮ ᠤᠨ 1 ᠨᠤᠮᠧᠷᠳᠤ ᠱᠤᠭᠤᠮ ᠤᠨ ᠭᠠᠯᠳᠤ ᠲᠡᠷᠬᠡ ᠶᠢᠨ ᠠᠵᠢᠯᠯᠠᠬᠤ | ᠴᠠᠬ ᠨᠢ 6᠄ 00 ᠠᠴᠠ 22᠄ 00 ᠪᠠᠶᠢᠵᠦ᠂ ᠡᠬᠡᠯᠵᠢ ᠪᠦᠷᠢ ᠶᠢᠨ ᠭᠠᠯᠳᠤ ᠲᠡᠷᠬᠡ ᠶᠢᠨ ᠠᠶᠠᠯᠠᠬᠤ ᠴᠠᠬ ᠨᠢ | ᠪᠠᠷᠤᠬ 45 ᠮᠢᠨᠦ᠋ᠲ ᠬᠡᠷᠡᠭᠰᠡᠵᠦ᠂ ᠠᠶᠠᠨᠴᠢᠳ ᠲᠦᠪᠯᠡᠷᠡᠬᠦ ᠴᠠᠬ ᠲᠤ 8 ᠮᠢᠨᠦ᠋ᠲ ᠪᠦᠷᠢ ᠳᠤ ᠨᠢᠬᠡ ᠴᠤᠪᠤᠭ᠎ᠠ | ᠭᠠᠯᠳᠤ ᠲᠡᠷᠬᠡ ᠲᠤᠬᠢᠷᠠᠭᠤᠯᠤᠨ᠂ ᠡᠩ ᠤᠨ ᠴᠠᠬ ᠲᠤ 10 ᠮᠢᠨᠦ᠋ᠲ ᠪᠦᠷᠢ ᠳᠤ ᠨᠢᠬᠡ ᠴᠤᠪᠤᠭ᠎ᠠ ᠭᠠᠯᠳᠤ ᠲᠡᠷᠬᠡ | ᠲᠤᠬᠢᠷᠠᠭᠤᠯᠤᠨ᠂ 20᠄ 00 ᠠᠴᠠ ᠬᠤᠶᠢᠰᠢ 12 ᠮᠢᠨᠦ᠋ᠲ ᠪᠦᠷᠢ ᠳᠤ ᠨᠢᠬᠡ ᠴᠤᠪᠤᠭ᠎ᠠ ᠭᠠᠯᠳᠤ ᠲᠡᠷᠬᠡ | ᠲᠤᠬᠢᠷᠠᠭᠤᠯᠵᠦ᠂ ᠪᠢᠯᠧᠲ ᠤᠨ ᠦᠨ᠎ᠠ ᠨᠢ ︽ᠵᠠᠢ ᠶᠢ ᠦᠨᠳᠦᠰᠦᠯᠡᠨ ᠦᠨ᠎ᠠ ᠶᠢ ᠪᠤᠳᠤᠬᠤ︾ ᠠᠷᠭ᠎ᠠ ᠬᠡᠯᠪᠡᠷᠢ ᠶᠢ | ᠠᠪᠴᠤ᠂ ᠨᠠᠭᠠᠳᠤ ᠵᠠᠬ᠎ᠠ ᠳᠠᠭᠠᠨ 2 ᠲᠦᠬᠦᠷᠢᠭ ᠪᠠᠶᠢᠵᠦ᠂ ᠠᠶᠠᠨᠴᠢᠳ ᠭᠠᠷ ᠤᠳᠠᠰᠤ ᠪᠠᠷ ᠢᠶᠠᠨ ᠰᠢᠷᠪᠢᠵᠦ ᠭᠠᠯᠳᠤ | ᠲᠡᠷᠬᠡᠨ ᠦᠷᠳᠡᠭᠡ ᠳᠤ ᠤᠷᠤᠵᠦ ᠪᠤᠯᠤᠨ᠎ᠠ᠃ | ᠤᠢᠢᠯᠠᠭᠠᠬᠰᠠᠨ ᠢᠶᠠᠷ᠂ ᠬᠦᠬᠡᠬᠤᠳᠠ ᠶᠢᠨ ᠵᠢᠮᠳᠤ ᠲᠡᠮᠦᠷ ᠵᠠᠮ ᠤᠨ 2 ᠨᠤᠮᠧᠷᠳᠤ ᠱᠤᠭᠤᠮ ᠤᠨ ᠨᠢᠬᠡᠳᠦᠬᠡᠷ | ᠬᠤᠭᠤᠴᠠᠭᠠᠨ ᠤ ᠪᠠᠷᠢᠯᠭ᠎ᠠ ᠨᠢ ᠤᠳᠠᠯ ᠦᠬᠡᠢ ᠬᠤᠤᠰ ᠴᠢᠭᠯᠡᠯ ᠢᠶᠠᠷ ᠵᠢᠮ ᠲᠡᠪᠢᠰᠬᠦ ᠠᠵᠢᠯ ᠢᠶᠠᠨ ᠲᠠᠭᠤᠰᠬᠠᠵᠦ᠂ | ᠵᠢᠱᠢᠯᠳᠡ ᠪᠠᠷ 2020 ᠤᠨ ᠤ 6 ᠰᠠᠷ᠎ᠠ ᠳᠤ ᠲᠡᠷᠬᠡ ᠨᠡᠪᠲᠡᠷᠡᠬᠦᠯᠬᠦ ᠪᠠᠷ ᠪᠠᠶᠢᠨ᠎ᠠ᠃ |