ᠡᠷᠢᠶᠡᠨ ᠬᠤᠲᠠ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠤᠢ
ᠨᠡᠶᠢᠲᠡᠯᠡᠭᠰᠡᠨ ᠴᠠᠭ᠄
2019/12/31
     ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠡᠷᠢᠶᠡᠨ ᠬᠤᠲᠠ ᠢᠮᠠᠭᠲᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠲᠦᠯᠬᠢᠨ ᠠᠬᠢᠭᠤᠯᠬᠤ ᠶᠠᠪᠤᠳᠠᠯ ᠢ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠶᠢ ᠬᠥᠩᠭᠡᠯᠡᠬᠦ ᠪᠠ ᠪᠦᠲᠦᠴᠡ ᠶᠢᠨ ᠴᠢᠨᠠᠷᠲᠠᠶ ᠭᠠᠶᠢᠯᠢ ᠶᠢ ᠬᠥᠩᠭᠡᠯᠡᠬᠦ ᠶᠢ ᠬᠠᠷᠢᠯᠴᠠᠨ ᠤᠶᠠᠯᠳᠤᠭᠤᠯᠬᠤ ᠶᠢ ᠨᠠᠶᠢᠳᠠᠪᠤᠷᠢᠵᠢᠭᠤᠯᠤᠨ᠂ ᠡᠯ᠎ᠡ ᠲᠠᠯ᠎ᠠ᠂ ᠣᠯᠠᠨ ᠠᠷᠭ᠎ᠠ ᠬᠡᠮᠵᠢᠶ᠎ᠡ ᠠᠴᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠎ ᠤᠨ ᠳᠠᠷᠤᠭᠠᠰᠤ ᠶᠢ ᠬᠥᠩᠭᠡᠷᠡᠭᠦᠯᠬᠦ ᠳᠤ ᠬᠦᠴᠦ ᠨᠡᠮᠡᠷᠢᠯᠡᠪᠡ᠃      ᠨᠢᠭᠡ ᠳᠤ ᠭᠠᠶᠢᠯᠢ ᠲᠤᠰᠢᠶᠠᠬᠤ ᠦᠶᠯᠡᠴᠢᠯᠡᠭᠡ ᠶᠢ ᠰᠢᠯᠢᠳᠡᠭᠵᠢᠭᠦᠯᠪᠡ᠃ ᠭᠠᠶᠢᠯᠢ ᠭᠦᠶᠴᠡᠳᠬᠡᠬᠦ ᠶᠢ ᠳᠥᠭᠦᠮ ᠳᠥᠲᠡ ᠪᠣᠯᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠨᠢᠭᠡ ᠪᠦᠯᠦᠭ ᠭᠠᠶᠢᠯᠢ ᠲᠠᠲᠠᠪᠤᠷᠢ ᠶᠢ ᠠᠦ᠋ᠲ᠋ᠤ᠋ ᠪᠠᠷ ᠭᠦᠢᠴᠡᠳᠬᠡᠬᠦ ᠦᠢᠯᠡᠴᠢᠯᠡᠭᠡᠨ ᠤ ᠮᠠᠰᠢᠨ ᠢ ᠲᠥᠪᠯᠡᠷᠡᠭᠦᠯᠦᠨ ᠣᠷᠣᠭᠤᠯᠵᠠᠢ᠂ ᠭᠠᠶᠢᠯᠢ ᠲᠠᠲᠠᠪᠤᠷᠢ ᠶᠢ ᠠᠦ᠋ᠲ᠋ᠤ᠋ ᠪᠠᠷ ᠭᠦᠢᠴᠡᠳᠬᠡᠬᠦ ᠮᠠᠰᠢᠨ ᠨᠢ ᠭᠠᠶᠢᠯᠢ ᠲᠤᠰᠢᠶᠠᠭᠴᠢᠳ ᠲᠤ ᠰᠦᠯᠵᠢᠶᠡᠨ ᠳᠡᠭᠡᠷ᠎ᠡ ᠵᠡᠷᠭᠡ ᠳᠤ ᠨᠢ ᠥᠨᠳᠥᠷ ᠪᠦᠲᠦᠮᠵᠢᠲᠡᠶ ᠴᠢᠨᠠᠷ ᠰᠠᠶᠢᠲᠠᠶ ᠭᠠᠶᠢᠯᠢ ᠭᠦᠶᠴᠡᠳᠬᠡᠬᠦ ᠦᠢᠯᠡᠴᠢᠯᠡᠭᠡ ᠬᠠᠩᠭᠠᠵᠤ᠂ ᠭᠠᠶᠢᠯᠢ ᠭᠦᠶᠴᠡᠳᠬᠡᠬᠦ ᠴᠣᠩᠬᠤᠪᠴᠢ ᠶᠢᠨ ᠭᠠᠶᠢᠯᠢ ᠭᠦᠶᠴᠡᠳᠬᠡᠬᠦ ᠶᠠᠭᠠᠷᠠᠯᠲᠠᠢ ᠬᠤᠭᠤᠴᠠᠭᠠᠨ ᠳᠠᠬᠢ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠭᠰᠡᠨ ᠤ ᠬᠠᠮᠲᠤ ᠭᠠᠶᠢᠯᠢ ᠲᠤᠰᠢᠶᠠᠭᠴᠢ ᠳᠤ ᠨᠠᠩ ᠰᠠᠶᠢᠨ ᠦᠶᠯᠡᠴᠢᠯᠡᠭᠡ ᠬᠠᠩᠭᠠᠵᠠᠢ᠃      ᠬᠤᠶᠠᠷ ᠲᠤ ᠲᠤᠭ᠎ᠠ ᠪᠠᠷᠢᠮᠲᠠ ᠶᠢ ᠬᠢᠨᠠᠨ ᠡᠵᠡᠮᠳᠡᠬᠦ ᠶᠢ ᠰᠠᠶᠢᠲᠤᠷ ᠠᠳᠬᠤᠪᠠ᠃ ᠣᠨᠴᠠ ᠵᠠᠷᠢᠮ ᠭᠠᠶᠢᠯᠢ ᠲᠤᠰᠢᠶᠠᠭᠴᠢ ᠶᠢᠨ ᠮᠡᠳᠡᠭᠦᠯᠦᠭᠰᠡᠨ ᠣᠨᠴᠠᠭᠠᠢ ᠠᠯᠳᠠᠭ᠎ᠠ ᠪᠤᠷᠤᠭᠤ ᠳᠤ ᠴᠢᠭᠯᠡᠭᠦᠯᠦᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠳᠣᠷᠣᠭᠰᠢ ᠠᠶᠤᠯ ᠲᠦᠭᠰᠢᠭᠦᠷᠢ ᠶᠢᠨ ᠡᠭᠦᠷᠭᠡ ᠪᠠᠭᠤᠯᠭᠠᠵᠤ᠂ ᠱᠠᠭᠠᠷᠳᠠᠯᠭ᠎ᠠ ᠶᠣᠰᠣᠭᠠᠷ ᠭᠠᠶᠢᠯᠢ ᠲᠤᠰᠢᠶᠠᠭᠴᠢ ᠲᠠᠢ ᠬᠠᠷᠢᠯᠴᠠᠨ ᠢᠳᠡᠪᠬᠢᠲᠡᠢ ᠴᠡᠭᠴᠡᠯᠡᠨ ᠰᠠᠶᠢᠵᠢᠷᠠᠭᠤᠯᠵᠠᠢ᠂ ᠭᠠᠶᠢᠯᠢ ᠲᠤᠰᠢᠶᠠᠭᠴᠢᠳ ᠤᠨ ᠮᠡᠳᠡᠭᠦᠯᠦᠭᠰᠡᠨ ᠨᠡᠶᠢᠳᠡᠮ ᠴᠢᠨᠠᠷᠲᠠᠢ ᠠᠯᠳᠠᠭ᠎ᠠ ᠪᠤᠷᠤᠭᠤ ᠳᠤ ᠴᠢᠭᠯᠡᠭᠦᠯᠦᠨ᠂ ᠳ᠋ᠢᠶᠠᠩᠬᠤᠸᠠ᠂ ᠭᠠᠶᠢᠯᠢ ᠲᠤᠰᠢᠶᠠᠭᠴᠢ ᠎ ᠲᠠᠢ ᠨᠢᠭᠤᠷᠳᠠᠨ ᠶᠠᠷᠢᠯᠴᠠᠬᠤ ᠠᠷᠭ᠎ᠠ ᠪᠠᠷ ᠳᠠᠮᠵᠢᠭᠤᠯᠤᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠎ ᠶᠢᠨ ᠪᠣᠳᠣᠯᠭ᠎ᠠ ᠶᠢ ᠤᠬᠠᠭᠤᠯᠵᠤ᠂ ᠭᠠᠶᠢᠯᠢ ᠲᠤᠰᠢᠶᠠᠭᠴᠢᠳ ᠲᠤ ᠰᠦᠯᠵᠢᠶᠡᠨ ᠳᠡᠭᠡᠷ᠎ᠡ ᠮᠡᠳᠡᠭᠦᠯᠬᠦ ᠳᠤ ᠪᠠᠨ ᠬᠠᠰᠤᠵᠤ ᠬᠡᠯᠲᠦᠷᠢᠭᠦᠯᠬᠦ ᠰᠢᠨᠵᠢ ᠴᠢᠨᠠᠷ ᠢ ᠬᠡᠷᠬᠢᠨ ᠵᠥᠪ ᠣᠨᠣᠪᠴᠢᠲᠠᠶ ᠰᠣᠩᠭᠤᠬᠤ ᠶᠢ ᠰᠠᠨᠠᠭᠤᠯᠤᠨ᠂ ᠭᠠᠶᠢᠯᠢ ᠲᠤᠰᠢᠶᠠᠭᠴᠢ ᠶᠢᠨ ᠠᠵᠢᠯᠯᠠᠭᠠᠨ ᠤ ᠠᠯᠳᠠᠰᠢ ᠠᠴᠠ ᠪᠣᠯᠵᠤ ᠡᠳ᠋ᠯᠡᠬᠦ ᠶᠣᠰᠣᠲᠠᠶ ᠬᠠᠷᠠᠭᠠᠯᠵᠠᠯ ᠢ ᠡᠳ᠋ᠯᠡᠵᠦ ᠴᠢᠳᠠᠭᠰᠠᠨ ᠥᠬᠡᠶ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃      ᠭᠤᠷᠪᠠ ᠳᠤ ᠲᠤᠶᠢᠯ ᠤᠨ ᠣᠨᠣᠪᠴᠢᠲᠠᠢ ᠪᠠᠷ ᠪᠠᠶᠢᠴᠠᠭᠠᠨ ᠰᠤᠳᠤᠯᠵᠤ ᠵᠠᠳᠠᠯᠤᠯᠲᠠ ᠬᠢᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠳᠡᠭᠡᠳᠦ ᠳᠣᠣᠷᠠᠳᠤ ᠱᠠᠲᠤ ᠪᠠᠷ ᠎ ᠢᠶᠠᠨ ᠬᠤᠯᠪᠣᠭᠠᠯᠠᠨ ᠬᠥᠳᠡᠯᠦᠯᠴᠡᠵᠦ᠂ ᠲᠥᠷᠦ ᠶᠢᠨ ᠪᠣᠳᠣᠯᠭ᠎ᠠ ᠶᠢᠨ ᠲᠥᠷᠥᠯ ᠵᠦᠶᠯ᠂ ᠭᠠᠶᠢᠯᠢ ᠶᠢᠨ ᠲᠥᠷᠥᠯ ᠵᠦᠶᠯ᠂ ᠡᠷᠦᠬᠡ ᠪᠠᠷ ᠬᠤᠪᠢᠶᠠᠨ ᠬᠠᠷᠢᠶ᠎ᠠ ᠣᠷᠣᠨ ᠤ ᠬᠠᠮᠢᠶᠠᠷᠴᠤ ᠪᠦᠬᠦᠢ ᠡᠷᠦᠬᠡ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠭᠠᠶᠢᠯᠢ ᠲᠤᠰᠢᠶᠠᠭᠴᠢ ᠶᠢᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠭᠠᠶᠢᠯᠢ ᠲᠤᠰᠢᠶᠠᠭᠴᠢ ᠲᠠᠢ ᠬᠤᠯᠪᠣᠭᠳᠠᠬᠤ ᠡᠯ᠎ᠡ ᠵᠦᠶᠯ ᠤᠨ ᠭᠠᠶᠢᠯᠢ ᠶᠢᠨ ᠲᠥᠷᠥᠯ ᠢ ᠬᠠᠰᠤᠵᠤ ᠬᠡᠯᠲᠦᠷᠢᠭᠦᠯᠬᠦ ᠵᠣᠭᠤᠰ ᠤᠨ ᠲᠤᠭ᠎ᠠ ᠶᠢ ᠣᠨᠣᠪᠴᠢᠲᠠᠶ ᠵᠢᠱᠢᠵᠦ᠂ ᠬᠠᠷᠠᠭᠠᠯᠵᠠᠯ ᠬᠦᠷᠲᠡᠬᠦ ᠶᠣᠰᠣᠲᠠᠶ ᠠᠵᠤ ᠠᠬᠤᠶᠢᠯᠠᠯ ᠠᠴᠠ ᠨᠢᠭᠡ ᠶᠢ ᠴᠤ ᠣᠷᠬᠢᠭᠳᠠᠭᠤᠯᠤᠯ ᠦᠭᠡᠢ ᠪᠠᠶᠢᠬᠤ ᠶᠢ ᠦᠨᠡᠨ ᠬᠦ ᠪᠠᠲᠤᠯᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号