ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠲᠠᠪᠤ︶
ᠨᠡᠶᠢᠲᠡᠯᠡᠭᠰᠡᠨ ᠴᠠᠭ᠄
2019/12/31

     ᠠᠷᠪᠠᠨ ᠬᠤᠶᠠᠷ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠶᠠᠮᠠᠷ ᠪᠠᠶᠢᠳᠠᠯ ᠳᠣᠣᠷ᠎ᠠ ᠠᠵᠢᠯᠲᠠᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠪᠣᠢ︖
     ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠳᠤ ᠲᠣᠭᠲᠠᠭᠠᠭᠰᠠᠨ ᠢ ᠦᠨᠳᠦᠰᠦᠯᠡᠪᠡᠯ᠂ ᠠᠵᠢᠯᠲᠠᠨ ᠬᠡᠷᠡᠭᠯᠡᠬᠦ ᠨᠢᠭᠡᠴᠢ ᠳᠤ ᠳᠣᠣᠷᠠᠬᠢ ᠪᠠᠶᠢᠳᠠᠯ ᠤᠳ ᠤᠨ ᠨᠢᠭᠡ ᠨᠢ ᠢᠯᠡᠷᠡᠪᠡᠯ᠂ ᠬᠥᠳᠡᠯᠮᠦᠷᠢᠯᠡᠭᠴᠢᠳ ᠠᠴᠠ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠣᠨ᠎ᠠ᠄
     ︵1︶ ᠬᠥᠳᠡᠯᠮᠦᠷᠢ ᠶᠢᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠥᠳᠡᠯᠮᠦᠷᠢ ᠶᠢᠨ ᠬᠠᠮᠠᠭᠠᠯᠠᠯᠲᠠ ᠪᠤᠶᠤ ᠬᠥᠳᠡᠯᠮᠦᠷᠢ ᠶᠢᠨ ᠨᠥᠬᠦᠴᠡᠯ ᠬᠠᠩᠭᠠᠭᠰᠠᠨ ᠦᠭᠡᠢ ᠪᠣᠯ︔
     ︵2︶ ᠴᠠᠭ ᠲᠤᠬᠠᠢ ᠳᠤ ᠨᠢ ᠭᠦᠢᠴᠡᠳ ᠬᠡᠮᠵᠢᠶ᠎ᠡ ᠪᠠᠷ ᠬᠥᠳᠡᠯᠮᠦᠷᠢ ᠶᠢᠨ ᠬᠥᠯᠥᠰᠦ ᠣᠯᠭᠤᠮᠵᠢ ᠥᠭᠭᠦᠭᠰᠡᠨ ᠦᠭᠡᠢ ᠪᠣᠯ︔
     ︵3︶ ᠬᠠᠤᠯᠢ ᠶᠣᠰᠣᠭᠠᠷ ᠬᠥᠳᠡᠯᠮᠦᠷᠢᠯᠡᠭᠴᠢᠳ ᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠦᠭᠡᠢ ᠪᠣᠯ︔
     ︵4︶ ᠠᠵᠢᠯᠲᠠᠨ ᠬᠡᠷᠡᠭᠯᠡᠬᠦ ᠨᠢᠭᠡᠴᠢ ᠶᠢᠨ ᠳᠦᠷᠢᠮ ᠲᠣᠭᠲᠠᠭᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠵᠦ᠂ ᠬᠥᠳᠡᠯᠮᠦᠷᠢᠯᠡᠭᠴᠢᠳ ᠤᠨ ᠡᠷᠬᠡ ᠠᠰᠢᠭ ᠢ ᠬᠤᠬᠢᠷᠠᠭᠤᠯᠤᠭᠰᠠᠨ ᠪᠣᠯ︔
     ︵5︶ ᠲᠤᠰ ᠬᠠᠤᠯᠢ ᠶᠢᠨ ᠬᠤᠷᠢᠨ ᠵᠢᠷᠭᠤᠳᠤᠭᠠᠷ ᠵᠤᠷᠪᠤᠰ ᠤᠨ ᠨᠢᠭᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠠᠴᠠ ᠪᠣᠯᠵᠤ ᠬᠥᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠣᠯᠭᠠᠭᠰᠠᠨ ᠪᠣᠯ︔
     ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠥᠳᠡᠯᠮᠦᠷᠢᠯᠡᠭᠴᠢᠳ ᠤᠨ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠪᠤᠰᠤᠳ ᠪᠠᠶᠢᠳᠠᠯ︔
     ᠠᠵᠢᠯᠲᠠᠨ ᠬᠡᠷᠡᠭᠯᠡᠬᠦ ᠨᠢᠭᠡᠴᠢ ᠠᠴᠠ ᠬᠦᠴᠦᠷᠬᠡᠭᠯᠡᠯ᠂ ᠰᠦᠷᠳᠡᠭᠦᠯᠦᠯ ᠪᠤᠶᠤ ᠬᠥᠮᠥᠨ ᠤ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠬᠥᠳᠡᠯᠮᠦᠷᠢᠯᠡᠭᠴᠢᠳ ᠢ ᠠᠯᠪᠠᠳᠠᠵᠤ ᠪᠠᠶᠢᠭᠠᠳ ᠬᠥᠳᠡᠯᠮᠦᠷᠢᠯᠡᠭᠦᠯᠬᠦ᠂ ᠡᠰᠡᠬᠦᠯ᠎ᠡ ᠠᠵᠢᠯᠲᠠᠨ ᠬᠡᠷᠡᠭᠯᠡᠬᠦ ᠨᠢᠭᠡᠴᠢ ᠠᠴᠠ ᠲᠣᠭᠲᠠᠭᠠᠯ ᠠᠴᠠ ᠵᠥᠷᠢᠴᠡᠨ ᠵᠢᠯᠣᠭᠤᠳᠴᠤ᠂ ᠠᠯᠪᠠᠳᠠᠨ ᠵᠠᠷᠯᠢᠭᠳᠠᠵᠤ ᠪᠠᠶᠢᠭᠠᠳ ᠭᠡᠨᠡᠨ ᠢᠶᠠᠷ ᠠᠵᠢᠯᠯᠠᠭᠤᠯᠤᠭᠰᠠᠨ ᠠᠴᠠ ᠪᠣᠯᠵᠤ ᠬᠥᠳᠡᠯᠮᠦᠷᠢᠯᠡᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠰᠦᠷᠳᠡᠭᠦᠯᠦᠭᠰᠡᠨ ᠪᠣᠯ᠂ ᠬᠥᠳᠡᠯᠮᠦᠷᠢᠯᠡᠭᠴᠢᠳ ᠠᠴᠠ ᠲᠡᠷᠡ ᠳᠠᠷᠤᠢ ᠳᠤ ᠨᠢ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠣᠨ᠎ᠠ᠂ ᠡᠭᠦᠨ ᠳᠤ᠂ ᠤᠷᠢᠳ ᠢᠶᠠᠷ ᠠᠵᠢᠯᠲᠠᠨ ᠬᠡᠷᠡᠭᠯᠡᠬᠦ ᠨᠢᠭᠡᠴᠢ ᠳᠤ ᠮᠡᠳᠡᠭᠳᠡᠬᠦ ᠴᠢᠬᠤᠯᠠ ᠦᠭᠡᠢ᠃
     ᠠᠷᠪᠠᠨ ᠭᠤᠷᠪᠠ᠂ ᠠᠵᠢᠯᠲᠠᠨ ᠬᠡᠷᠡᠭᠯᠡᠬᠦ ᠨᠢᠭᠡᠴᠢ ᠠᠴᠠ ᠶᠠᠮᠠᠷ ᠪᠠᠶᠢᠳᠠᠯ ᠳᠣᠣᠷ᠎ᠠ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠠᠢ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠪᠣᠢ︖
     ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠳᠤ ᠲᠣᠭᠲᠠᠭᠠᠭᠰᠠᠨ ᠢ ᠦᠨᠳᠦᠰᠦᠯᠡᠪᠡᠯ᠂ ᠳᠣᠣᠷᠠᠬᠢ ᠪᠠᠶᠢᠳᠠᠯ ᠤᠳ ᠤᠨ ᠨᠢᠭᠡ ᠨᠢ ᠢᠯᠡᠷᠡᠪᠡᠯ᠂ ᠠᠵᠢᠯᠲᠠᠨ ᠬᠡᠷᠡᠭᠯᠡᠬᠦ ᠨᠢᠭᠡᠴᠢ ᠠᠴᠠ ᠭᠡᠷ᠎ᠡ ᠶᠢ ᠲᠠᠶᠢᠯᠬᠤ ᠪᠠᠷ ᠤᠷᠢᠳᠴᠢᠯᠠᠨ ᠭᠤᠴᠢᠨ ᠡᠳᠦᠷ ᠲᠤ ᠪᠢᠴᠢᠭ ᠤᠨ ᠬᠡᠯᠪᠡᠷᠢ ᠪᠠᠷ ᠬᠥᠳᠡᠯᠮᠦᠷᠢᠯᠡᠭᠴᠢ ᠬᠤᠪᠢ ᠬᠥᠮᠥᠨ ᠳᠤ ᠮᠡᠳᠡᠭᠳᠡᠬᠦ ᠪᠤᠶᠤ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠤ ᠢᠯᠡᠭᠦᠴᠡ ᠨᠢᠭᠡ ᠰᠠᠷ᠎ᠠ ᠶᠢᠨ ᠴᠠᠯᠢᠩ ᠥᠭᠭᠦᠭᠰᠡᠨ ᠤ ᠳᠠᠷᠠᠭ᠎ᠠ᠂ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠣᠨ᠎ᠠ᠄
     ︵ᠨᠢᠭᠡ︶ ᠬᠥᠳᠡᠯᠮᠦᠷᠢᠯᠡᠭᠴᠢ ᠡᠪᠡᠳᠴᠢᠯᠡᠭᠰᠡᠨ ᠪᠤᠶᠤ ᠠᠯᠪᠠᠨ ᠤ ᠪᠤᠰᠤ ᠠᠵᠢᠯ ᠠᠴᠠ ᠪᠣᠯᠵᠤ ᠰᠢᠷᠬᠠᠲᠤᠨ᠂ ᠲᠣᠭᠲᠠᠭᠰᠠᠨ ᠡᠮᠴᠢᠯᠡᠭᠡ ᠶᠢᠨ ᠬᠤᠭᠤᠴᠠᠭ᠎ᠠ ᠨᠢ ᠲᠤᠯᠤᠭᠰᠠᠨ ᠪᠣᠯᠪᠠᠴᠤ ᠤᠤᠯ ᠤᠨ ᠠᠵᠢᠯ ᠢᠶᠠᠨ ᠬᠢᠵᠦ ᠳᠡᠶᠢᠯᠬᠦ ᠦᠭᠡᠢ ᠪᠣᠯᠣᠭᠰᠠᠨ ᠢᠶᠠᠷ ᠪᠠᠷᠠᠬᠤ ᠦᠭᠡᠢ᠂ ᠠᠵᠢᠯᠲᠠᠨ ᠬᠡᠷᠡᠭᠯᠡᠬᠦ ᠨᠢᠭᠡᠴᠢ ᠶᠢᠨ ᠲᠣᠬᠢᠷᠠᠭᠤᠯᠤᠭᠰᠠᠨ ᠪᠤᠰᠤᠳ ᠠᠵᠢᠯ ᠢ ᠴᠤ ᠬᠢᠵᠦ ᠳᠡᠶᠢᠯᠬᠦ ᠦᠭᠡᠢ ᠪᠣᠯᠣᠭᠰᠠᠨ ᠪᠣᠯ︔
     ︵ᠬᠤᠶᠠᠷ︶ ᠬᠥᠳᠡᠯᠮᠦᠷᠢᠯᠡᠭᠴᠢ ᠠᠴᠠ ᠠᠵᠢᠯ ᠢ ᠳᠠᠭᠠᠭᠠᠨ ᠭᠦᠢᠴᠡᠳᠬᠡᠵᠦ ᠳᠡᠶᠢᠯᠬᠦ ᠦᠭᠡᠢ᠂ ᠪᠣᠯᠪᠠᠰᠤᠷᠠᠭᠤᠯᠤᠯ ᠬᠢᠬᠦ ᠪᠤᠶᠤ ᠠᠵᠢᠯ ᠤᠨ ᠪᠠᠶᠢᠷᠢ ᠳᠤ ᠨᠢ ᠲᠣᠬᠢᠷᠠᠭᠤᠯᠤᠯᠲᠠ ᠬᠢᠭᠰᠡᠨ ᠪᠣᠯᠪᠠᠴᠤ ᠮᠥᠨ ᠬᠦ ᠠᠵᠢᠯ ᠢ ᠳᠠᠭᠠᠭᠠᠨ ᠭᠦᠢᠴᠡᠳᠬᠡᠵᠦ ᠴᠢᠳᠠᠬᠤ ᠦᠭᠡᠢ ᠪᠣᠯ︔
     ︵ᠭᠤᠷᠪᠠ︶ ᠬᠥᠳᠡᠯᠮᠦᠷᠢ ᠶᠢᠨ ᠭᠡᠷ᠎ᠡ ᠲᠣᠭᠲᠠᠬᠤ ᠦᠶ᠎ᠡ ᠳᠤ ᠦᠨᠳᠦᠰᠦᠯᠡᠯ ᠪᠣᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠬᠥᠳᠡᠯᠮᠦᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ ᠦᠭᠡᠢ ᠪᠣᠯᠵᠤ᠂ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢᠯᠡᠭᠴᠢᠳ ᠲᠠᠢ ᠵᠥᠪᠳᠡᠯᠴᠡᠬᠦ ᠪᠠᠷ ᠳᠠᠮᠵᠢᠭᠤᠯᠵᠤ᠂ ᠬᠥᠳᠡᠯᠮᠦᠷᠢ ᠶᠢᠨ ᠭᠡᠷ᠎ᠡ ᠶᠢᠨ ᠠᠭᠤᠯᠭ᠎ᠠ ᠶᠢ ᠬᠤᠪᠢᠷᠠᠭᠤᠯᠬᠤ ᠲᠤᠬᠠᠢ ᠵᠥᠪᠳᠡᠯᠴᠡᠭᠡᠷ ᠲᠣᠭᠲᠠᠵᠤ ᠳᠡᠶᠢᠯᠦᠭᠰᠡᠨ ᠦᠭᠡᠢ ᠪᠣᠯ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ