ᠤᠶᠢᠷ᠎ᠠ ᠶᠢᠨ ᠡᠳᠦᠷ ᠤᠯᠤᠰ ᠤᠨ ᠠᠵᠤ ᠦᠢᠯᠡᠳᠪᠦᠷᠢ ᠪᠠ ᠮᠠᠳᠡᠭᠡ ᠵᠠᠩᠬᠢᠴᠢᠯᠠᠯᠲᠠ ᠶᠢᠨ ᠰᠠᠯᠠᠭ᠎ᠠ | ᠮᠦᠴᠢᠷ ᠠᠴᠠ ᠨᠡᠶᠢᠲᠡᠯᠡᠭᠰᠡᠨ ᠠᠵᠤ ᠦᠢᠯᠡᠳᠪᠦᠷᠢ ᠶᠢᠨ ᠦᠢᠯᠡᠳᠬᠦᠨ ᠢ ᠪᠤᠬᠢᠷᠳᠤᠯ ᠦᠭᠡᠢ ᠪᠠᠷ ᠵᠢᠷᠤᠵᠤ | ᠲᠦᠯᠦᠪᠯᠡᠭᠰᠡᠨ ᠵᠢᠱᠢᠶ᠎ᠡ ᠦᠵᠡᠭᠦᠯᠬᠦ ᠠᠵᠤ ᠠᠬᠤᠶᠢᠯᠠᠯ ︵ᠠᠩᠬᠠᠳᠤᠭᠠᠷ ᠪᠦᠯᠦᠭ︶ ᠤᠨ ᠨᠡᠷᠡᠰ ᠲᠤ᠂ 61 ᠠᠵᠤ | ᠠᠬᠤᠶᠢᠯᠠᠯ ᠰᠤᠩᠭᠤᠭᠳᠠᠪᠠ᠂ ᠡᠭᠦᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2 ᠠᠵᠤ | ᠠᠬᠤᠶᠢᠯᠠᠯ ᠰᠤᠩᠭᠤᠭᠳᠠᠵᠤ᠂ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠪᠤᠯ ᠪᠤᠭᠤᠲᠤ ᠬᠤᠲᠠ ᠶᠢᠨ ᠴᠤᠷ ᠤᠨ | ᠭᠠᠭᠴᠠ ᠰᠤᠩᠭᠤᠭᠳᠠᠨ ᠤᠷᠤᠭᠰᠠᠨ ᠠᠵᠤ ᠠᠬᠤᠶᠢᠯᠠᠯ ᠪᠤᠯᠤᠨ᠎ᠠ᠃ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠰᠠᠯᠠᠭ᠎ᠠ ᠮᠦᠴᠢᠷ ᠠᠴᠠ ᠵᠢᠱᠢᠶ᠎ᠡ ᠦᠵᠡᠭᠦᠯᠬᠦ ᠠᠵᠤ | ᠠᠬᠤᠶᠢᠯᠠᠯ ᠳᠤ ᠱᠠᠭᠠᠷᠳᠠᠭᠰᠠᠨ ᠨᠢ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ | ᠪᠤᠬᠢᠷᠳᠤᠯ ᠦᠭᠡᠢ ᠪᠠᠷ ᠵᠢᠷᠦᠵᠤ ᠲᠦᠯᠦᠪᠯᠡᠬᠦ ᠰᠢᠨ᠎ᠡ ᠶᠢ ᠡᠭᠦᠳᠴᠦ ᠨᠡᠭᠡᠭᠡᠨ ᠬᠦᠭᠵᠢᠭᠦᠯᠬᠦ ᠴᠢᠳᠠᠪᠤᠷᠢ ᠪᠠ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠤᠬᠢᠷᠳᠤᠯ ᠦᠭᠡᠢ | ᠦᠢᠯᠡᠳᠬᠦᠨ ᠢ ᠬᠠᠩᠭᠠᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠨᠦᠯᠦᠭᠡᠯᠡᠬᠦ ᠬᠦᠴᠦᠨ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ ᠭᠡᠵᠡᠢ᠃ ᠡᠭᠦᠨ ᠤ ᠬᠠᠮᠲᠤ ᠡᠯ᠎ᠡ ᠭᠠᠵᠠᠷ ᠤᠨ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠬᠠᠮᠢᠶ᠎ᠠ ᠪᠦᠬᠦᠢ ᠠᠵᠢᠯ ᠲᠦᠷᠦᠯ ᠤᠨ ᠨᠡᠶᠢᠬᠡᠮᠯᠢᠭ᠂ | ᠬᠠᠮᠢᠶ᠎ᠠ ᠪᠦᠬᠦᠢ ᠲᠦᠪ ᠤᠨ ᠠᠵᠤ ᠠᠬᠤᠶᠢᠯᠠᠯ ᠤᠳ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠵᠢᠯᠤᠭᠤᠳᠤᠯᠭ᠎ᠠ ᠪᠠ | ᠦᠢᠯᠡᠴᠢᠯᠡᠭᠡ ᠪᠠᠨ ᠴᠢᠩᠭᠠᠳᠬᠠᠵᠤ᠂ ᠠᠵᠢᠯ ᠤᠨ ᠠᠬᠢᠴᠠ ᠶᠢ ᠨᠢ ᠮᠦᠷᠳᠡᠵᠦ ᠡᠵᠡᠮᠰᠢᠨ᠂ ᠤᠨ ᠤ ᠳ᠋ᠥᠩᠨᠡᠯᠲᠡ | ᠦᠨᠡᠯᠡᠯᠲᠡ ᠶᠢ ᠰᠠᠶᠢᠲᠤᠷ ᠬᠢᠬᠦ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢᠶᠠᠨ ᠴᠠᠭ ᠲᠤᠬᠠᠢ ᠳᠤ ᠨᠢ ᠮᠡᠳᠡᠭᠦᠯᠬᠦ | ᠬᠡᠷᠡᠭᠲᠡᠢ᠃ ᠪᠤᠳᠠᠲᠠᠢ ᠪᠠᠶᠢᠳᠠᠯ ᠲᠠᠢ ᠤᠶᠠᠯᠳᠤᠭᠤᠯᠤᠨ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠲᠤᠰ ᠭᠠᠵᠠᠷ ᠤᠷᠤᠨ᠂ ᠲᠤᠰ ᠠᠵᠢᠯ | ᠲᠦᠷᠦᠯ ᠤᠨ ᠭᠤᠤᠯᠯᠠᠬᠤ ᠳᠠᠭᠠᠭᠤᠯᠤᠭᠴᠢ ᠠᠵᠤ ᠠᠬᠤᠶᠢᠯᠠᠯ ᠤᠨ ᠪᠤᠬᠢᠷᠳᠦᠯ ᠦᠭᠡᠢ ᠵᠢᠷᠤᠭ ᠲᠦᠯᠦᠪᠯᠡᠭᠡ ᠶᠢ | ᠦᠢᠯᠡᠳᠦᠯᠭᠡᠵᠢᠭᠦᠯᠬᠦ ᠶᠢ ᠤᠳᠤᠷᠢᠳᠤᠨ ᠵᠢᠯᠤᠭᠤᠳᠴᠤ᠂ ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠤᠨ᠂ | ᠠᠵᠤ ᠦᠢᠯᠡᠳᠪᠦᠷᠢ ᠶᠢᠨ ᠦᠢᠯᠡᠳᠬᠦᠨ ᠢ ᠪᠤᠬᠢᠷᠳᠤᠯ ᠦᠭᠡᠢ ᠪᠠᠷ ᠵᠢᠷᠤᠵᠤ ᠲᠦᠯᠦᠪᠯᠡᠬᠦ ᠵᠢᠱᠢᠶ᠎ᠡ ᠦᠵᠡᠭᠦᠯᠬᠦ | ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃ |