ᠤᠯᠠᠭᠠᠨᠬᠠᠳᠠ ᠬᠤᠲᠠ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠣᠬᠢᠷᠠᠭᠤᠯᠬᠤ ᠴᠢᠨᠠᠷ ᠲᠠᠢ ᠪᠣᠯᠪᠠᠰᠤᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2019/12/5
     ᠦᠨᠦᠬᠡᠨ᠂ ᠣᠡᠭᠨᠢᠭᠤᠳ ᠬᠤᠰᠢᠭᠤ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠣᠬᠢᠷᠠᠭᠤᠯᠬᠤ ᠴᠢᠨᠠᠷ ᠎ ᠲᠠᠢ ᠪᠣᠯᠪᠠᠰᠤᠷᠠᠭᠤᠯᠬᠤ ᠠᠩᠭᠢ ᠠᠮᠵᠢᠯᠲᠠ ᠲᠠᠢ ᠲᠡᠭᠦᠰᠬᠦ ᠶᠢ ᠳᠠᠭᠠᠯᠲᠤᠨ᠂ ᠤᠯᠠᠭᠠᠨᠬᠠᠳᠠ ᠬᠤᠲᠠ ᠶᠢᠨ 12 ᠬᠤᠰᠢᠭᠤ ᠰᠢᠶᠠᠨ ᠲᠣᠭᠤᠷᠢᠭ 2019 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠣᠬᠢᠷᠠᠭᠤᠯᠬᠤ ᠴᠢᠨᠠᠷ ᠎ ᠲᠠᠢ ᠪᠣᠯᠪᠠᠰᠤᠷᠠᠭᠤᠯᠬᠤ ᠠᠵᠢᠯ ᠢ ᠪᠦᠬᠦ ᠣᠷᠤᠨ ᠳᠤ ᠬᠠᠮᠤᠭ ᠲᠡᠷᠢᠭᠦᠨ ᠳᠤ ᠪᠦᠬᠦ ᠲᠠᠯ᠎ᠠ ᠪᠠᠷ ᠪᠡᠶᠡᠯᠡᠭᠦᠯᠪᠡ᠃      ᠤᠯᠠᠭᠠᠨᠬᠠᠳᠠ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ᠂ ᠠᠲᠡᠯ ᠦᠢᠯᠡᠰ ᠴᠣᠭᠴᠠᠯᠠᠬᠤ ᠶᠢ ᠢᠮᠠᠭᠲᠠ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠦ᠂ ᠪᠣᠯᠪᠠᠰᠤᠷᠠᠭᠤᠯᠤᠯ ᠤᠨ ᠠᠵᠢᠯ ᠤᠨ ᠰᠢᠨ᠎ᠡ ᠵᠠᠭᠪᠤᠷ ᠢ ᠢᠳᠡᠪᠬᠢᠲᠠᠢ ᠰᠦᠪᠡᠭᠴᠢᠯᠡᠨ᠂ ᠪᠣᠯᠪᠠᠰᠤᠷᠠᠭᠤᠯᠬᠤ ᠲᠦᠯᠦᠪᠯᠡᠭᠡ ᠶᠢ ᠰᠢᠨᠵᠢᠯᠡᠬᠦ ᠣᠬᠠᠭᠠᠨᠴᠢ ᠪᠠᠷ ᠲᠣᠭᠲᠠᠭᠠᠵᠦ᠂ ᠪᠣᠯᠪᠠᠰᠤᠷᠠᠭᠤᠯᠬᠤ ᠲᠣᠬᠠᠶᠢᠯᠠᠭᠰᠠᠨ ᠠᠵᠢᠯ ᠤᠨ ᠵᠢᠯᠤᠭᠤᠲᠤᠯᠭ᠎ᠠ ᠶᠢ ᠰᠠᠨᠠᠭᠠᠴᠢᠯᠠᠭ᠎ᠠ ᠎ ᠲᠠᠢ ᠦᠷᠨᠢᠭᠦᠯᠦᠨ᠂ ᠲᠣᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠤᠨ ᠠᠯᠢ ᠣᠯᠠᠨ ᠰᠢᠨ᠎ᠡ ᠠᠷᠭ᠎ᠠ ᠬᠡᠮᠵᠢᠶ᠎ᠡ ᠭᠠᠷᠭᠠᠵᠦ᠂ ᠡᠯ᠎ᠡ ᠵᠦᠢᠯ ᠤᠨ ᠪᠣᠯᠪᠠᠰᠤᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠲᠦᠮᠵᠢᠲᠠᠢ ᠪᠠᠲᠤᠯᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠢ ᠪᠣᠯᠪᠠᠰᠤᠷᠠᠭᠤᠯᠬᠤ ᠠᠭᠤᠯᠭ᠎ᠠ ᠶᠢ ᠰᠤᠩᠭᠤᠬᠤ ᠲᠠᠯ᠎ᠠ ᠪᠠᠷ᠂ ᠦᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠯᠪᠠ ᠬᠠᠭᠠᠭᠰᠠᠨ ᠴᠠᠭ ᠨᠢ ᠤᠷᠲᠤ᠂ ᠨᠡᠶᠢᠭᠡᠮ ᠎ ᠲᠠᠢ ᠬᠠᠷᠢᠴᠠᠭᠰᠠᠨ ᠨᠢ ᠴᠦᠬᠡᠨ ᠵᠡᠷᠭᠡ ᠣᠨᠴᠠᠯᠢᠭ ᠢ ᠨᠢ ᠦᠨᠳᠦᠰᠦᠯᠡᠵᠦ᠂ ᠣᠲᠤᠬᠠᠨ ᠤ ᠨᠡᠶᠢᠭᠡᠮ ᠤᠨ ᠬᠦᠭᠵᠢᠯᠲᠡ ᠶᠢᠨ ᠪᠠᠶᠢᠳᠠᠯ ᠪᠠ ᠬᠠᠯᠠᠮᠰᠢᠯ ᠠᠵᠢᠯ ᠲᠦᠷᠦᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠲᠤᠭᠤᠯᠤᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ᠂ ᠨᠡᠷᠡᠲᠦ ᠬᠠᠤᠯᠢᠴᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠲᠦᠯᠦᠭᠡᠯᠡᠭᠴᠢ ᠵᠢᠴᠢ ᠤᠯᠠᠭᠠᠨᠬᠠᠳᠠ ᠬᠤᠲᠠ ᠶᠢᠨ ᠴᠡᠷᠢᠭ ᠤᠨ ᠠᠯᠪᠠ ᠎ ᠠᠴᠠ ᠬᠠᠯᠠᠭᠳᠠᠭᠰᠠᠳ ᠤᠨ ᠠᠵᠦ ᠠᠬᠤᠶᠢᠯᠠᠯᠲᠡᠨ ᠢ ᠤᠷᠢᠵᠦ ᠲᠣᠬᠠᠢ ᠶᠢᠨ ᠭᠠᠵᠠᠷ ᠲᠤ ᠬᠢᠴᠢᠶᠡᠯ ᠣᠷᠤᠭᠤᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠶᠢᠭᠡᠮ ᠳᠤ ᠠᠭᠤᠰᠤᠯᠴᠠᠬᠤ ᠠᠯᠬᠤᠴᠠ ᠶᠢ  ᠲᠦᠷᠭᠡᠳᠭᠡᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ᠂ ᠠᠲᠡᠯ ᠦᠢᠯᠡᠰ ᠴᠣᠭᠴᠠᠯᠠᠬᠤ ᠳᠤ ᠨᠢ ᠰᠠᠭᠤᠷᠢ ᠲᠠᠯᠪᠢᠨ ᠦᠭᠴᠡᠢ᠃      ᠪᠦᠷᠢᠳᠭᠡᠯ ᠢ ᠦᠨᠲᠦᠰᠦᠯᠡᠪᠡᠯ᠂ ᠵᠢᠯ ᠤᠨ ᠡᠬᠢᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠣᠯᠪᠠᠰᠤᠷᠠᠭᠤᠯᠬᠤ ᠠᠩᠬᠢ ᠶᠢ 12 ᠠᠩᠭᠢ ᠤᠳᠠᠭ᠎ᠠ ᠡᠷᠬᠢᠯᠡᠵᠦ᠂ 1000 ᠭᠠᠷᠤᠢ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠪᠠᠰᠤᠷᠠᠭᠤᠯᠤᠯ ᠳᠤ ᠣᠷᠤᠯᠴᠠᠵᠠᠢ᠃ ᠣᠲᠣ ᠪᠣᠯᠬᠤ ᠳᠤ᠂ 216 ᠴᠡᠷᠢᠭ ᠤᠨ ᠠᠯᠪᠠ ᠠᠴᠠ ᠬᠠᠯᠠᠭᠳᠠᠭᠰᠠᠳ ᠬᠦᠮᠦᠨ ᠬᠡᠷᠡᠭᠯᠡᠬᠦ ᠨᠢᠭᠡᠴᠢ ᠯᠦᠭᠡ ᠠᠯᠪᠠᠨ ᠶᠣᠰᠤᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠦᠵᠦ ᠠᠵᠢᠯ ᠣᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号