ᠣᠷᠲᠤᠰ ᠬᠤᠲᠠ ᠶᠢᠨ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2019/12/6
     ᠣᠷᠲᠤᠰ ᠬᠤᠲᠠ ᠶᠢᠨ ᠮᠠᠯᠵᠢᠬᠤ ᠲᠠᠷᠢᠶᠠᠯᠠᠬᠤ ᠣᠷᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠨᠢ ᠤᠤᠭᠤᠬᠤ ᠤᠰᠤᠨ ᠤ ᠠᠮᠤᠷ ᠲᠦᠪᠰᠢᠨ ᠢ ᠪᠠᠶᠠᠯᠡᠭᠦᠯᠬᠦ ᠪᠠᠷ ᠬᠠᠷᠠᠯᠲᠠ ᠪᠠᠨ ᠪᠣᠯᠭᠠᠵᠦ᠂ ᠮᠠᠯᠵᠢᠬᠤ ᠲᠠᠷᠢᠶᠠᠯᠠᠬᠤ ᠣᠷᠤᠨ ᠤ ᠤᠤᠭᠤᠬᠤ ᠤᠰᠤᠨ ᠤ ᠴᠢᠨᠠᠷ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠤᠰᠤᠨ ᠰᠤᠷᠪᠤᠯᠵᠢ ᠶᠢ ᠰᠢᠨ᠎ᠡ ᠪᠠᠷ ᠪᠠᠶᠢᠭᠤᠯᠬᠤ᠂ ᠬᠤᠭᠤᠯᠠᠢ ᠶᠢᠨ ᠲᠣᠣᠷ ᠢ ᠤᠷᠲᠤᠳᠬᠠᠬᠤ᠂ ᠤᠰᠤᠨ ᠤ ᠴᠢᠨᠠᠷ ᠢ ᠰᠢᠢᠳᠪᠦᠷᠢᠯᠡᠬᠦ ᠲᠦᠭᠦᠭᠡᠷᠦᠮᠵᠢ ᠶᠢ ᠲᠦᠭᠦᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ᠂ ᠮᠠᠯᠵᠢᠬᠤ ᠲᠠᠷᠢᠶᠠᠯᠠᠬᠤ ᠣᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠠᠢ᠃ 2019 ᠣᠨ ᠳᠤ ᠨᠡᠶᠢᠲᠠ 1 ᠳ᠋ᠦᠡᠭᠰᠢᠭᠤᠷ ᠲᠦᠭᠦᠷᠢᠭ ᠤᠨ ᠪᠡᠯᠡ ᠣᠷᠤᠭᠤᠯᠵᠦ᠂ ᠪᠦᠬᠦ ᠬᠤᠲᠠ ᠶᠢᠨ 8 ᠬᠤᠰᠢᠭᠤ ᠲᠤᠭᠤᠷᠢᠭ 24 ᠰᠣᠮᠦ ᠰᠢᠶᠠᠩ ᠪᠠᠯᠭᠠᠰᠤ 84 ᠭᠠᠴᠠᠭ᠎ᠠ ᠲᠤᠰᠬᠤᠨ ᠤ 52᠎ ᠳᠤ ᠨᠢ ᠬᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠯ᠎ᠡ ᠲᠦᠷᠦᠯ ᠤᠨ ᠤᠰᠤᠨ ᠰᠤᠷᠪᠤᠯᠵᠢ ᠶᠢᠨ ᠰᠢᠨ᠎ᠡ ᠬᠤᠳᠲᠤᠭ 51᠎ ᠶᠢ ᠪᠠᠶᠢᠭᠤᠯᠤᠨ᠂ ᠠᠷᠢᠭᠤᠳᠬᠠᠬᠤ ᠲᠦᠭᠦᠭᠡᠷᠦᠮᠵᠢ ᠶᠢ 1063 ᠢᠵᠢ ᠲᠦᠭᠦᠷᠵᠢᠭᠦᠯᠵᠦ᠂ ᠡᠯ᠎ᠡ ᠲᠦᠷᠦᠯ ᠤᠨ ᠲᠠᠮᠵᠢᠭᠤᠯᠬᠤ ᠬᠤᠭᠤᠯᠠᠢ ᠶᠢ 610 ᠺᠢᠯᠦᠮᠧᠲᠷ ᠳᠡᠪᠢᠰᠴᠦ᠂ ᠳᠠᠩᠰᠠ ᠪᠠ ᠺᠠᠷᠲ ᠲᠠᠢ 1080 ᠶᠠᠳᠠᠭᠤ ᠡᠷᠦᠭᠡ ᠶᠢᠨ 2391 ᠬᠦᠮᠦᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠦ᠂ ᠡᠷᠭᠢᠨ ᠲᠣᠭᠤᠷᠢᠨ ᠤ 2.6 ᠲᠦᠮᠡᠨ ᠡᠷᠦᠭᠡ 8.8 ᠲᠦᠮᠡᠨ ᠬᠦᠮᠦᠨ ᠳᠤ ᠠᠰᠢᠭ ᠭᠦᠷᠳᠡᠭᠡᠵᠡᠢ᠃      11 ᠳ᠋ᠦ᠋ᠭᠡᠷ ᠰᠠᠷ᠎ᠠ ᠶᠢᠨ ᠲᠤᠮᠳᠠᠴᠢ ᠪᠣᠯᠳᠠᠯ᠎ᠠ᠂ ᠶᠠᠳᠠᠭᠤ ᠡᠷᠦᠭᠡ ᠳᠤ ᠬᠤᠯᠪᠤᠭᠳᠠᠭᠰᠠᠨ ᠢᠨᠵᠧᠨᠧᠷᠢᠩ ᠤᠨ ᠠᠵᠢᠯ ᠢ ᠪᠦᠬᠦ ᠲᠠᠯ᠎ᠠ ᠪᠠᠷ ᠳᠠᠭᠤᠰᠬᠠᠵᠦ᠂ ᠶᠡᠷᠦᠩᠬᠡᠢ ᠪᠡᠯᠡ ᠣᠷᠤᠭᠤᠯᠤᠯᠲᠠ ᠶᠢ 8666 ᠲᠦᠮᠡᠨ ᠲᠦᠭᠦᠷᠢᠭ ᠪᠡᠶᠡᠯᠡᠬᠦᠯᠦᠨ᠂ ᠶᠡᠷᠦᠩᠬᠡᠢ ᠠᠬᠢᠯᠲᠠ ᠶᠢᠨ 86%᠎ ᠶᠢ ᠡᠵᠡᠯᠡᠵᠦ᠂ ᠭᠤᠣᠯ ᠴᠣᠭᠴᠠ ᠪᠠᠷᠢᠯᠭ᠎ᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠪᠠ᠃  ᠳᠠᠷᠠᠭ᠎ᠠ ᠠᠯᠬᠤᠮ ᠳᠤ᠂ ᠣᠷᠲᠤᠰ ᠬᠤᠲᠠ ᠤᠯᠠᠮ ᠨᠢᠭᠡ ᠠᠯᠬᠤᠮ ᠪᠣᠳᠠᠳᠠᠢ ᠠᠷᠭ᠎ᠠ ᠬᠡᠮᠵᠢᠶ᠎ᠡ ᠠᠪᠴᠤ᠂ ᠰᠢᠷᠭᠠᠭᠤ ᠠᠵᠢᠯᠯᠠᠨ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠦᠴᠢᠷ ᠢ ᠢᠳᠡᠪᠬᠢᠲᠠᠢ ᠵᠣᠬᠢᠴᠠᠭᠤᠯᠵᠦ᠂ ᠤᠰᠤᠨ ᠬᠤᠳᠲᠤᠭ ᠲᠤ ᠴᠠᠬᠢᠯᠭᠠᠨ ᠨᠡᠪᠲᠡᠷᠡᠭᠦᠯᠬᠦ ᠵᠡᠷᠭᠡ ᠠᠰᠠᠭᠤᠳᠠᠯ ᠢ ᠨᠢᠭᠡᠲᠦᠯᠲᠠᠢ ᠰᠢᠢᠳᠪᠦᠷᠢᠯᠡᠨ᠂ ᠰᠢᠪᠲᠤᠷᠠᠭᠠᠨ ᠤ ᠪᠠᠷᠢᠯᠭ᠎ᠠ ᠶᠢ ᠡᠷᠴᠢᠮᠲᠠᠢ ᠠᠬᠢᠭᠤᠯᠵᠦ᠂ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠲᠤᠭᠠᠨ ᠳᠤ ᠪᠠᠲᠤᠲᠠᠢ ᠢᠯᠠᠯᠲᠠ ᠣᠯᠬᠤ ᠳᠤ ᠪᠠᠲᠦ ᠪᠠᠬᠢ ᠤᠰᠤᠨ ᠠᠰᠢᠭᠯᠠᠯᠲᠠ ᠶᠢᠨ ᠪᠠᠲᠤᠯᠠᠭ᠎ᠠ ᠬᠠᠨᠭ᠍ᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号