ᠤᠯᠠᠭᠠᠨᠴᠠᠪ ᠬᠤᠲᠠ᠄ ︽12345︾ ᠨᠢᠭᠡ ᠯᠠ ᠨᠤᠮᠧᠷ ᠢᠶᠠᠷ ᠬᠦᠯᠢᠶᠠᠨ ᠠᠪᠴᠤ ᠨᠢᠭᠡ ᠯᠠ ᠤᠳᠠᠭ᠎ᠠ ᠎ ᠳᠤ ᠭᠦᠢᠴᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2019/12/6
     ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤᠷᠠᠳᠬᠤ ᠠᠷᠭ᠎ᠠ ᠵᠠᠮ ᠢ ᠰᠢᠯᠤᠭᠤᠳᠬᠠᠨ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠶᠢᠨ ᠲᠤᠰᠠᠳᠠ᠂ ᠤᠯᠠᠭᠠᠨᠴᠠᠪ ᠬᠤᠲᠠ ᠠᠷᠠᠳ ᠲᠦᠮᠡᠨ ᠎ ᠳᠤ  ᠦᠢᠯᠡᠴᠢᠯᠡᠬᠦ ᠲᠠᠪᠴᠠᠩ ᠢ ᠢᠳᠡᠪᠬᠢᠲᠠᠢ ᠪᠠᠷ ᠴᠤᠭᠴᠠᠯᠠᠨ ᠪᠠᠶᠢᠭᠤᠯᠵᠤ᠂ ᠬᠤᠲᠠ ᠶᠢᠨ ᠵᠠᠰᠠᠭ ᠤᠨ ᠤᠷᠳᠤᠨ ᠠᠴᠠ ᠪᠦᠬᠦ ᠬᠤᠲᠠ ᠶᠢᠨ 22 ᠵᠤᠷᠪᠤᠰ ᠪᠠᠴᠢᠮ ᠪᠤᠰᠤ ᠲᠦᠷᠦᠯ ᠤᠨ ᠵᠠᠰᠠᠭ ᠤᠨ ᠶᠠᠪᠤᠳᠠᠯ ᠤᠨ ᠲᠤᠰᠬᠠᠢ ᠱᠤᠭᠤᠮ ᠢ ᠡᠮᠬᠢᠯᠡᠨ ᠨᠢᠭᠡᠳᠬᠡᠭᠡᠳ᠂ 2018 ᠤᠨ ᠤ 12 ᠳ᠋ᠤᠭᠠᠷ ᠰᠠᠷ᠎ᠠ ᠶᠢᠨ 1᠎ ᠤ ᠡᠳᠦᠷ ᠵᠠᠰᠠᠭ ᠤᠨ ᠤᠷᠳᠤᠨ ᠎ ᠤ ᠦᠢᠯᠡᠴᠢᠯᠡᠭᠡᠨ ᠤ 12345 ᠰᠢᠭᠤᠳ ᠤᠲᠠᠰᠤ ᠶᠢ ᠨᠡᠭᠡᠭᠡᠵᠤ᠂ ᠡᠳᠦᠷ ᠪᠦᠷᠢ 24 ᠴᠠᠭ ᠤᠨ ᠦᠢᠯᠡᠴᠢᠯᠡᠭᠡ  ᠬᠠᠩᠭᠠᠨ ︵ ᠡᠳᠦᠷ ᠪᠦᠷᠢ ᠶᠢᠨ ᠦᠳᠡ ᠶᠢᠨ ᠡᠮᠦᠨ᠎ᠡ ᠶᠢᠨ 8 ᠴᠠᠭ ᠠᠴᠠ ᠤᠷᠤᠢ ᠶᠢᠨ 8 ᠴᠠᠭ ᠪᠤᠯᠲᠠᠯ᠎ᠠ ᠬᠦᠮᠦᠨ ᠬᠦᠯᠢᠶᠠᠨ ᠲᠤᠰᠴᠤ ᠪᠤᠢ︶᠂ ᠠᠷᠠᠳ ᠲᠦᠮᠡᠨ ᠤ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠤᠷᠳᠤᠨ ᠵᠢᠴᠢ ᠲᠡᠭᠦᠨ ᠤ ᠠᠵᠢᠯ ᠤᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠠᠨ ᠲᠤᠲᠤᠷ᠎ᠠ ᠲᠦᠷᠦ ᠶᠢᠨ ᠪᠤᠳᠤᠯᠭ᠎ᠠ ᠶᠢᠨ ᠯᠠᠪᠯᠠᠭ᠎ᠠ ᠬᠢᠬᠦ᠂ ᠦᠢᠯᠡᠴᠢᠯᠡᠭᠡ ᠲᠤᠰᠠᠯᠠᠮᠵᠢ ᠭᠤᠶᠤᠬᠤ᠂ ᠰᠠᠨᠠᠯ ᠵᠥᠪᠯᠡᠯᠭᠡ ᠳᠤᠷᠠᠳᠬᠤ᠂ ᠢᠯᠡᠴᠢᠯᠡᠨ ᠵᠠᠭᠠᠯᠳᠤᠬᠤ ᠵᠡᠷᠭᠡ ᠶᠠᠪᠤᠳᠠᠯ ᠤᠳ ᠢ ᠬᠦᠯᠢᠶᠠᠨ ᠠᠪᠴᠤ  ᠰᠢᠢᠳᠪᠦᠷᠢᠯᠡᠬᠦ ᠪᠤᠯᠪᠠ᠃      ᠰᠢᠭᠤᠳ ᠤᠲᠠᠰᠤ ᠨᠢ ᠬᠤᠲᠠ᠂ ᠰᠢᠶᠠᠨ᠂ ᠰᠢᠶᠠᠩ ᠪᠠᠯᠭᠠᠰᠤ᠂ ᠨᠡᠶᠢᠭᠡᠮ ᠲᠤᠭᠤᠷᠢᠭ ᠲᠤ ᠨᠡᠶᠢᠲᠡᠮ ᠪᠦᠷᠬᠦᠭᠦᠯᠵᠦ᠂ ︽ᠡᠮᠦᠨ᠎ᠡ ᠲᠠᠪᠴᠠᠩ ᠨᠢᠭᠡ ᠯᠠ ᠨᠤᠮᠧᠷ ᠢᠶᠠᠷ ᠬᠦᠯᠢᠶᠠᠨ ᠠᠪᠬᠤ᠂ ᠠᠷᠤ ᠲᠠᠪᠴᠠᠩ ᠨᠢ ᠬᠢᠨᠠᠨ ᠬᠠᠷᠭᠤᠭᠤᠯᠵᠤ ᠰᠢᠯᠵᠢᠭᠦᠯᠦᠨ ᠭᠦᠢᠴᠡᠳᠬᠡᠬᠦ᠂ ᠵᠠᠰᠠᠭ ᠤᠨ ᠤᠷᠳᠤᠨ ᠪᠦᠬᠦᠶᠢᠯᠡ ᠶᠠᠪᠤᠴᠠ ᠳᠤ ᠰᠢᠮᠳᠠᠭᠤᠯᠤᠨ ᠭᠦᠢᠴᠡᠳᠬᠡᠬᠦ︾  ᠠᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ︽ᠨᠢᠭᠡ ᠯᠠ ᠨᠤᠮᠧᠷ ᠢᠶᠠᠷ ᠬᠦᠯᠢᠶᠠᠨ ᠠᠪᠴᠤ  ᠂ ᠨᠢᠭᠡ ᠯᠠ ᠤᠳᠠᠭ᠎ᠠ ᠳᠤ ᠭᠦᠢᠴᠡᠳᠬᠡᠵᠦ ᠳᠠᠭᠤᠰᠬᠠᠬᠤ︾᠎ ᠶᠢ ᠦᠨᠡᠨ ᠬᠦ ᠪᠡᠶᠡᠯᠡᠭᠦᠯᠪᠡ᠃      ᠡᠨᠡ ᠵᠢᠯ ᠤᠨ 10 ᠳ᠋ᠤᠭᠠᠷ ᠰᠠᠷ᠎ᠠ ᠳᠤ᠂ ᠵᠠᠰᠠᠭ ᠤᠨ ᠤᠷᠳᠤᠨ ᠤ ᠦᠢᠯᠡᠴᠢᠯᠡᠭᠡ ᠶᠢᠨ12345 ᠰᠢᠭᠤᠳ ᠤᠲᠠᠰᠤ ᠪᠠᠷ  ᠂  ᠬᠤᠲᠠ ᠶᠢᠨ ᠠᠷᠠᠳ ᠤᠨ ᠵᠢᠨᠢᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠵᠡᠭᠡᠯᠢ ᠠᠨ ᠳ᠋ᠠ ᠰᠠᠭᠤᠭᠠᠯᠢ ᠠᠷᠠᠳ ᠤᠨ ᠲᠤᠭᠤᠷᠢᠭ ᠲᠤ ᠬᠡᠵᠢᠶᠡᠳᠡ ᠤᠰᠤ ᠲᠠᠰᠤᠯᠳᠠᠨ ᠵᠤᠭᠰᠤᠵᠤ ᠪᠠᠶᠢᠭ᠎ᠠ  ᠠᠰᠠᠭᠤᠳᠠᠯ ᠢ ᠲᠤᠰᠬᠠᠵᠤ᠂ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠬᠠᠪᠰᠤᠷᠤᠨ ᠰᠢᠢᠳᠪᠦᠷᠢᠯᠡᠵᠦ ᠦᠭᠬᠦ ᠶᠢ ᠬᠦᠰᠡᠭᠰᠡᠨ ᠲᠤᠰᠠᠯᠠᠮᠵᠢ ᠭᠤᠶᠤᠬᠤ ᠤᠲᠠᠰᠤ ᠶᠢ ᠲᠤᠰᠪᠠ᠃10 ᠳ᠋ᠤᠭᠠᠷ ᠰᠠᠷ᠎ᠠ ᠶᠢᠨ 22᠎ ᠤᠨ ᠡᠳᠦᠷ᠂ ᠠᠰᠠᠭᠤᠳᠠᠯ ᠢ ᠵᠢᠨᠢᠩ ᠲᠤᠭᠤᠷᠢᠭ ᠤᠨ ᠲᠦᠭᠡᠭᠡᠭᠦᠷ ᠤᠰᠤᠨ ᠤ ᠺᠦᠮᠫᠠᠨᠢ ᠳᠤ ᠰᠢᠯᠵᠢᠭᠦᠯᠵᠦ ᠦᠭᠪᠡ᠂ ᠠᠵᠢᠯᠲᠠᠳ ᠰᠢᠭᠤᠳ ᠤᠲᠠᠰᠤ ᠶᠢ ᠲᠤᠰᠤᠭᠰᠠᠨ ᠤ ᠳᠠᠷᠠᠭ᠎ᠠ᠂ ᠲᠡᠷᠡ ᠳᠤᠤᠷ᠎ᠠ ᠪᠠᠨ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ  ᠂ ᠰᠠᠭᠤᠭᠠᠯᠢ ᠠᠷᠠᠳ ᠠᠴᠠ ᠪᠠᠶᠢᠳᠠᠯ ᠢ ᠨᠢ ᠤᠶᠢᠯᠠᠭᠠᠨ᠂ ᠨᠡᠶᠢᠭᠡᠮ ᠲᠤᠭᠤᠷᠢᠭ᠂ ᠠᠳᠠᠯ ᠠᠬᠤᠢ ᠶᠢᠨ ᠬᠢᠨ ᠲᠠᠢ ᠶᠠᠷᠢᠯᠴᠠᠨ᠂ ᠤᠰᠤ ᠵᠤᠭᠰᠤᠵᠤ ᠪᠠᠶᠢᠭ᠎ᠠ ᠠᠰᠠᠭᠤᠳᠠᠯ ᠨᠢ ᠳᠠᠮᠵᠢᠭᠤᠯᠬᠤ ᠬᠤᠭᠤᠯᠠᠢ ᠡᠪᠳᠡᠷᠡᠭᠰᠡᠨ ᠠᠴᠠ ᠪᠤᠯᠤᠭᠰᠠᠨ ᠪᠠ ᠰᠠᠭᠤᠭᠠᠯᠢ ᠠᠷᠠᠳ ᠤᠨ ᠠᠳᠠᠯ ᠠᠬᠤᠢ ᠶᠢᠨ ᠬᠢᠨ ᠬᠤᠭᠤᠯᠠᠢ  ᠶᠢᠨ ᠲᠤᠤᠷ ᠢ ᠬᠠᠷᠢᠭᠤᠴᠠᠨ ᠰᠡᠯᠪᠢᠨ ᠵᠠᠰᠠᠵᠤ ᠦᠭᠬᠦ ᠦᠭᠡᠢ ᠪᠠᠶᠢᠬᠤ ᠶᠢ ᠦᠢᠯᠠᠭᠠᠪᠠ᠃ ᠰᠠᠭᠤᠭᠠᠯᠢ ᠠᠷᠠᠳ ᠤᠨ ᠬᠡᠷᠡᠭᠯᠡᠬᠦ ᠤᠰᠤ ᠶᠢ ᠡᠷᠲᠡᠬᠡᠨ ᠬᠦᠷᠭᠡᠬᠦ ᠶᠢᠨ ᠲᠦᠯᠦᠭᠡ᠂ ᠵᠢᠨᠢᠩ ᠲᠤᠭᠤᠷᠢᠭ ᠤᠨ ᠲᠦᠭᠡᠭᠡᠭᠦᠷ ᠤᠰᠤᠨ ᠤ ᠺᠤᠮᠫᠠᠨᠢ ᠰᠡᠯᠪᠢᠨ ᠵᠠᠰᠠᠬᠤ  ᠬᠦᠮᠦᠰ ᠲᠤᠮᠢᠯᠠᠵᠤ᠂ ᠲᠤᠰ ᠤᠷᠤᠢ ᠨᠢ ᠡᠪᠳᠡᠷᠡᠭᠰᠡᠨ ᠬᠤᠭᠤᠯᠠᠢ ᠶᠢᠨ ᠲᠤᠤᠷ ᠢ ᠰᠡᠯᠪᠢᠨ ᠵᠠᠰᠠᠵᠤ᠂ ᠳᠠᠷᠤᠶᠢᠬᠠᠨ ᠬᠡᠪ ᠎ ᠤᠨ ᠶᠤᠰᠤᠭᠠᠷ ᠤᠰᠤ ᠬᠠᠩᠭᠠᠵᠤ ᠦᠭᠪᠡ᠃       ᠵᠢᠯ ᠤᠨ ᠡᠬᠢ ᠪᠠᠷ᠂ ᠬᠤᠲᠠ ᠶᠢᠨ ᠠᠷᠠᠳ ᠯᠦᠸᠧ ᠠᠪᠤᠭᠠᠢ 12345 ᠰᠢᠭᠤᠳ ᠤᠲᠠᠰᠤ ᠪᠠᠷ ᠳᠠᠮᠵᠢᠨ ᠦᠪᠡᠷ ᠢᠶᠠᠨ ᠵᠢᠶᠠᠩ ᠳ᠋ᠥᠩ ᠵᠢᠶᠦ᠋ᠨ ᠰᠠᠭᠤᠭᠠᠯᠢ ᠠᠷᠠᠳ ᠤᠨ ᠲᠤᠭᠤᠷᠢᠭ ᠲᠤ ᠤᠰᠤ ᠴᠠᠬᠢᠯᠭᠠᠨ ᠢ ᠦᠭᠡᠷᠡᠴᠢᠯᠡᠨ ᠤᠭᠰᠠᠷᠠᠵᠤ ᠪᠠᠶᠢᠬᠤ ᠠᠵᠢᠯ ᠬᠢᠵᠦ ᠪᠠᠶᠢᠭ᠎ᠠ ᠪᠠ ᠤᠰᠦ ᠠᠯᠳᠠᠭᠳᠠᠭᠰᠠᠨ ᠠᠰᠠᠭᠤᠳᠠᠯ ᠠᠴᠠ ᠪᠤᠯᠤᠭᠠᠳ᠂  ᠨᠡᠭᠡᠭᠡᠨ ᠬᠦᠭᠵᠢᠭᠦᠯᠬᠦ ᠬᠤᠳᠠᠯᠳᠤᠭᠠᠴᠢᠨ ᠴᠠᠯᠢᠩ ᠦᠭᠬᠦ ᠦᠭᠡᠢ᠂ 6 ᠠᠵᠢᠯᠴᠢᠨ ᠤ ᠲᠦᠮᠡ ᠢᠯᠡᠭᠦᠦ ᠲᠦᠭᠦᠷᠢᠭ ᠤᠨ ᠴᠠᠯᠢᠩ  ᠦᠷᠢᠳᠦᠵᠦ ᠪᠠᠶᠢᠬᠤ ᠶᠠᠪᠤᠳᠠᠯ ᠢ ᠲᠤᠰᠬᠠᠪᠠ᠃ 1 ᠳ᠋ᠦ᠋ᠭᠡᠷ ᠰᠠᠷ᠎ᠠ ᠶᠢᠨ 22᠎ ᠤᠨ ᠡᠳᠦᠷ᠂ ᠬᠤᠲᠠ ᠶᠢᠨ ᠬᠦᠳᠡᠯᠮᠦᠷᠢ ᠪᠠ ᠨᠡᠶᠢᠬᠡᠮ ᠤᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠠᠯᠪᠤᠷᠢ ᠠᠩᠭᠢ ᠰᠢᠯᠵᠢᠭᠦᠯᠦᠨ ᠭᠦᠢᠴᠡᠳᠬᠡᠬᠦ ᠰᠦᠪᠡᠭᠴᠢ ᠲᠤᠰᠤᠭᠰᠠᠨ ᠤ ᠳᠠᠷᠠᠭ᠎ᠠ᠂ ᠲᠡᠷᠡ ᠳᠤᠤᠷ᠎ᠠ ᠪᠠᠨ ᠲᠤᠰᠬᠠᠢ ᠬᠦᠮᠦᠨ ᠲᠤᠮᠢᠯᠠᠨ ᠪᠠᠶᠢᠴᠠᠭᠠᠪᠠ᠃ ᠪᠠᠶᠢᠴᠠᠭᠠᠯᠲᠠ ᠪᠠᠷ ᠲᠠᠮᠵᠢᠠ ᠤᠰᠤ  ᠠᠯᠳᠠᠭᠳᠠᠭᠰᠠᠨ ᠠᠰᠠᠭᠤᠳᠠᠯ ᠨᠢ ᠡᠬᠢᠨ ᠤ ᠦᠶ᠎ᠡ ᠶᠢᠨ ᠪᠦᠲᠦᠭᠡᠨ ᠪᠠᠶᠢᠭᠤᠯᠤᠭᠰᠠᠨ ᠠᠰᠠᠭᠤᠳᠠᠯ ᠪᠤᠯᠬᠤ ᠪᠦᠭᠡᠳ 6 ᠠᠵᠢᠯᠴᠢᠨ ᠲᠠᠢ ᠬᠤᠯᠪᠤᠭ᠎ᠠ ᠦᠭᠡᠢ ᠪᠠᠶᠢᠬᠤ ᠶᠢ ᠪᠠᠶᠢᠴᠠᠭᠠᠨ ᠮᠡᠳᠡᠪᠡ᠃ ᠰᠠᠯᠪᠤᠷᠢ ᠠᠩᠭᠢ ᠶᠢᠨ ᠪᠠᠶᠢᠴᠠᠭᠠᠭᠴᠢ ᠶᠢᠨ  ᠡᠶᠡᠳᠡᠭᠦᠯᠦᠭᠡ ᠪᠠᠷ᠂1 ᠳ᠋ᠦ᠋ᠭᠡᠷ ᠰᠠᠷ᠎ᠠ ᠶᠢᠨ 31᠎ ᠤ ᠡᠳᠦᠷ ᠦᠷᠢᠳᠦᠭᠰᠡᠨ ᠴᠠᠯᠢᠩ ᠢ  ᠪᠦᠬᠦᠨ ᠢ ᠤᠯᠭᠤᠵᠤ ᠦᠭᠴᠡᠢ᠃      ᠤᠶᠢᠯᠠᠭᠠᠭᠰᠠᠨ ᠢᠶᠠᠷ᠂  ᠵᠠᠰᠠᠭ ᠤᠨ ᠤᠷᠳᠤᠨ ᠤ ᠦᠢᠯᠡᠴᠢᠯᠡᠭᠡ ᠶᠢᠨ12345 ᠰᠢᠭᠤᠳ ᠤᠲᠠᠰᠤ ᠶᠢ ᠨᠡᠭᠡᠭᠡᠭᠰᠡᠨ ᠠᠴᠠ ᠨᠠᠭᠠᠰᠢ᠂ ᠠᠷᠠᠳ ᠤᠨ ᠲᠤᠰᠬᠠᠭᠰᠠᠨ ᠤᠴᠢᠷ ᠶᠠᠪᠤᠳᠠᠯ ᠨᠡᠶᠢᠲᠡ15267 ᠵᠦᠢᠯ ᠢ ᠲᠤᠰᠴᠤ᠂ ᠡᠭᠦᠨ ᠳᠤ ᠯᠠᠪᠯᠠᠭ᠎ᠠ ᠠᠪᠤᠭᠰᠠᠨ ᠲᠦᠷᠦᠯ ᠨᠢ10780 ᠬᠤᠪᠢ ᠪᠠᠶᠢᠵᠤ᠂ ᠬᠠᠷᠢᠭᠤ ᠦᠭᠭᠦᠭᠰᠡᠨ ᠨᠤᠷᠮ᠎ᠠ ᠨᠢ 99.97% ᠬᠦᠷᠴᠡᠢ︔ ᠢᠯᠡᠴᠢᠯᠡᠨ ᠵᠠᠭᠠᠯᠳᠤᠭᠰᠠᠨ ᠲᠦᠷᠦᠯ ᠨᠢ 4487 ᠬᠤᠪᠢ ᠪᠠᠶᠢᠵᠤ᠂  ᠰᠢᠢᠳᠪᠦᠷᠢᠯᠡᠵᠦ ᠳᠠᠭᠤᠰᠬᠠᠭᠰᠠᠨ 4466 ᠬᠤᠪᠢ ᠳᠤ ᠨᠢ ᠬᠠᠷᠢᠭᠤ ᠦᠭᠭᠦᠭᠡᠳ᠂ ᠰᠢᠢᠳᠪᠦᠷᠢᠯᠡᠵᠦ ᠬᠠᠷᠢᠭᠤ ᠦᠭᠭᠦᠭᠰᠡᠨ ᠨᠤᠷᠮ᠎ᠠ ᠎ ᠨᠢ 99.5%᠎ ᠳᠤ ᠬᠦᠷᠴᠠᠢ᠂ 21᠎ ᠶᠢ ᠨᠢ ᠤᠳᠤ ᠶᠠᠭ ᠰᠢᠮᠳᠠᠭᠤᠯᠤᠨ ᠰᠢᠢᠳᠪᠦᠷᠢᠯᠡᠵᠦ ᠪᠠᠶᠢᠨ᠎ᠠ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号