ᠪᠤᠭᠤᠲᠤ ᠶᠢᠨ ᠨᠢᠰᠭᠡᠯ ᠤᠨ ᠪᠠᠭᠤᠳᠠᠯ ᠤᠨ ᠭᠠᠳᠠᠭᠠᠳᠤ ᠨᠡᠭᠡᠭᠡᠯᠲᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢ ᠣᠯᠪᠠ
ᠨᠡᠶᠢᠲᠡᠯᠡᠭᠰᠡᠨ ᠴᠠᠭ᠄
2019/12/9
     6 ᠵᠢᠯ ᠤᠨ ᠴᠠᠭ ᠢ ᠦᠩᠭᠡᠷᠡᠭᠡᠭᠡᠳ᠂ ᠪᠤᠭᠤᠲᠤ ᠶᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠦᠨ ᠤ ᠴᠢᠷᠮᠠᠶᠢᠯᠭ᠎ᠠ ᠳᠤᠤᠷ᠎ᠠ᠂ ᠪᠤᠭᠤᠲᠤ ᠶᠢᠨ ᠨᠢᠰᠭᠡᠯ ᠤᠨ ᠪᠠᠭᠤᠳᠠᠯ ᠤᠨ ᠭᠠᠳᠠᠭᠠᠲᠤ ᠨᠡᠭᠡᠭᠡᠯᠲᠡ ᠶᠢᠨ ᠠᠵᠢᠯ ᠨᠢ ᠪᠠᠶᠠᠷᠯᠠᠭᠤᠰᠢᠲᠠᠢ ᠠᠬᠢᠴᠠ ᠶᠢ ᠣᠯᠪᠠ᠂ ᠲᠦᠷᠦ ᠶᠢᠨ ᠶᠠᠪᠣᠳᠠᠯ ᠤᠨ ᠬᠤᠷᠢᠶ᠎ᠠ ᠦᠢᠷ᠎ᠠ ᠳᠤ ᠪᠤᠭᠤᠲᠤ ᠶᠢᠨ ᠨᠢᠰᠭᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠪᠤᠭᠤᠮᠲᠠ ᠶᠢᠨ ᠭᠠᠳᠠᠭᠠᠲᠤ ᠨᠡᠭᠡᠭᠡᠯᠲᠡ ᠶᠢ ᠴᠤᠬᠤᠯᠠᠪᠤᠷᠢᠯᠠᠨ ᠵᠦᠪᠰᠢᠶᠡᠷᠡᠪᠡ᠃      ᠡᠨᠡ ᠬᠦ ᠬᠤᠭᠤᠴᠠᠭᠠᠨ ᠳᠤ᠂ ᠪᠤᠭᠤᠲᠤ ᠬᠤᠲᠠ ᠲᠦᠪ ᠤᠨ ᠤᠷᠤᠨ ᠲᠤᠭᠠᠨ ᠤ ᠠᠯᠪᠠᠨ ᠭᠡᠷ᠂ ᠭᠠᠳᠠᠭᠠᠳᠤ ᠶᠠᠪᠤᠳᠠᠯ ᠤᠨ ᠶᠠᠮᠤᠨ᠂ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠳᠤᠲᠤᠭᠠᠲᠤ ᠶᠢ ᠬᠠᠮᠠᠭᠠᠯᠠᠬᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠪᠤᠭᠤᠮᠲᠠ ᠶᠢᠨ ᠶᠡᠷᠦᠩᠬᠡᠢ ᠵᠠᠬᠢᠷᠭ᠎ᠠ᠂ ᠤᠯᠤᠰ ᠤᠨ ᠬᠢᠯᠢ ᠶᠢᠨ ᠪᠤᠭᠤᠮᠲᠠ ᠶᠢᠨ ᠠᠯᠪᠠᠨ ᠭᠡᠷ᠂ ᠠᠷᠠᠳ ᠢ ᠨᠡᠭᠦᠯᠭᠡᠬᠦ ᠲᠤᠪᠴᠢᠶ᠎ᠠ᠂ ᠠᠷᠠᠳ ᠤᠨ ᠠᠭᠠᠷ ᠤᠨ ᠲᠡᠭᠡᠭᠡᠪᠤᠷᠢ ᠶᠢᠨ ᠲᠤᠪᠴᠢᠶ᠎ᠠ᠂ ᠤᠮᠠᠷᠠᠲᠤ ᠶᠢᠨ ᠪᠠᠶᠢᠯᠳᠤᠭᠠᠨ ᠤ ᠲᠤᠭᠤᠷᠢᠭ᠂ ᠠᠭᠠᠷ ᠤᠨ ᠴᠡᠷᠢᠭ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠲᠦᠪ ᠤᠨ ᠴᠡᠷᠢᠭ ᠤᠨ ᠶᠠᠪᠤᠳᠠᠯ ᠤᠨ ᠬᠤᠯᠪᠤᠭᠠᠲᠤ ᠵᠦᠪᠯᠡᠭᠴᠢ ᠶᠢᠨ ᠶᠠᠮᠤᠨ ᠵᠢᠴᠢ ᠦᠪᠡᠷᠲᠡᠭᠡᠨ ᠵᠠᠰᠠᠬᠤ ᠤᠷᠤᠨ ᠤ ᠬᠢᠯᠢ ᠶᠢᠨ ᠪᠤᠭᠤᠮᠲᠠ ᠶᠢᠨ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ ᠤ ᠬᠠᠮᠲᠤᠷᠠᠨ ᠪᠠᠶᠢᠴᠠᠭᠠᠬᠤ ᠨᠢᠭᠡᠴᠢ᠂ ᠪᠤᠭᠤᠲᠤ ᠶᠢᠨ ᠬᠢᠯᠢ ᠶᠢᠨ ᠪᠤᠭᠤᠮᠲᠠ᠂ ᠪᠤᠭᠤᠲᠤ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠲᠡᠭᠡ ᠵᠡᠷᠭᠡ ᠰᠠᠯᠠᠭ᠎ᠠ ᠮᠦᠴᠢᠷ ᠲᠠᠢ ᠢᠳᠡᠪᠬᠢᠲᠡᠢ ᠨᠡᠪᠲᠡᠷᠡᠯᠴᠡᠨ ᠵᠤᠬᠢᠴᠠᠭᠤᠯᠵᠤ᠂ ᠤᠯᠠᠨ ᠤᠳᠠᠭ᠎ᠠ ᠴᠦᠬᠦᠷᠡᠰᠢ ᠦᠭᠡᠢ ᠴᠢᠷᠮᠠᠶᠢᠨ ᠠᠬᠢᠭᠤᠯᠬᠤ ᠪᠠᠷ ᠳᠠᠮᠵᠢᠨ᠂ ᠡᠴᠦᠰ ᠲᠤ ᠪᠠᠨ ᠤᠯᠤᠰ ᠤᠨ ᠬᠢᠯᠢ ᠶᠢᠨ ᠪᠤᠭᠤᠮᠲᠠ ᠶᠢᠨ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ ᠤ ᠬᠢᠯᠢ ᠶᠢᠨ ᠪᠤᠭᠤᠮᠲᠠ ᠶᠢᠨ ᠠᠯᠪᠠᠨ ᠭᠡᠷ ᠤᠨ ᠵᠦᠪᠰᠢᠶᠡᠷᠡᠯ ᠢ ᠤᠯᠵᠤ᠂ ᠪᠤᠭᠤᠲᠤ ᠶᠢᠨ ᠨᠢᠰᠭᠡᠯ ᠤᠨ ᠪᠠᠭᠤᠳᠠᠯ ᠤᠨ ᠤᠯᠠᠨ ᠤᠯᠤᠰ ᠤᠨ ᠠᠭᠠᠷ ᠤᠨ ᠠᠶᠠᠯᠠᠯ ᠤᠨ ᠦᠷᠲᠡᠭᠡᠨ ᠤ ᠠᠰᠠᠷ ᠪᠤᠯ ᠤᠯᠤᠰ ᠤᠨ ᠳᠤᠲᠤᠭᠠᠲᠤ ᠳᠤ ᠴᠦᠬᠡᠨ ᠪᠠᠶᠢᠭ᠎ᠠ ᠪᠡᠶ᠎ᠡ ᠪᠠᠨ ᠳᠠᠭᠠᠭᠠᠭᠰᠠᠨ ᠤᠯᠠᠨ ᠤᠯᠤᠰ ᠤᠨ ᠠᠭᠠᠷ ᠤᠨ ᠠᠶᠠᠯᠠᠯ ᠤᠨ ᠦᠷᠲᠡᠭᠡᠨ ᠤ ᠠᠰᠠᠷ ᠪᠠᠶᠢᠵᠤ᠂ ᠰᠠᠭᠤᠷᠢ ᠲᠦᠭᠦᠭᠡᠷᠦᠮᠵᠢ ᠨᠢ ᠮᠠᠰᠢ ᠰᠠᠶᠢᠨ ᠭᠡᠵᠦ ᠦᠨᠡᠮᠰᠢᠭᠳᠡᠵᠡᠢ᠃ ᠳᠠᠷᠠᠭ᠎ᠠ ᠠᠯᠬᠤᠮ ᠳᠤ ᠪᠤᠭᠤᠮᠲᠠ ᠶᠢᠨ ᠶᠡᠷᠦᠩᠬᠡᠢ ᠵᠠᠬᠢᠷᠭ᠎ᠠ ᠰᠢᠯᠭᠠᠨ ᠠᠪᠤᠭᠰᠠᠨ ᠤ ᠰᠡᠭᠦᠯᠡᠷ ᠵᠢᠩᠬᠢᠨᠢ ᠪᠠᠷ ᠨᠡᠭᠡᠭᠡᠵᠦ ᠪᠤᠯᠤᠨ᠎ᠠ᠃      2016 ᠤᠨ ᠠᠴᠠ ᠪᠤᠭᠤᠲᠤ ᠬᠤᠲᠠ ᠶᠢᠨ ᠨᠢᠰᠭᠡᠯ ᠤᠨ ᠪᠠᠭᠤᠳᠠᠯ ᠨᠢ ᠲᠦᠷ ᠴᠠᠭ ᠤᠨ ᠨᠡᠭᠡᠭᠡᠯᠲᠡ ᠶᠢ ᠪᠡᠶᠡᠯᠡᠭᠦᠯᠦᠭᠰᠡᠨ ᠠᠴᠠ ᠡᠬᠢᠯᠡᠨ᠂ ᠪᠤᠭᠤᠲᠤ ᠬᠤᠲᠠ ᠪᠤᠭᠤᠲᠤ ᠠᠴᠠ ᠮᠤᠩᠭᠤᠯ᠂ ᠲᠠᠢ ᠤᠯᠤᠰ᠂ ᠸᠢᠶᠧᠲᠨᠠᠮ᠂ ᠺᠤᠷᠢᠶᠠ ᠵᠡᠷᠭᠡ ᠤᠯᠤᠰ ᠲᠤ ᠨᠡᠪᠲᠡᠷᠡᠬᠦ 12 ᠵᠤᠷᠪᠤᠰ ᠤᠯᠠᠨ ᠤᠯᠤᠰ ᠤᠨ ᠠᠶᠠᠯᠠᠯ ᠤᠨ ᠱᠤᠭᠤᠮ ᠢ ᠵᠠᠯᠭᠠᠭ᠎ᠠ ᠪᠠᠷ ᠨᠡᠭᠡᠭᠡᠵᠦ᠂ ᠤᠯᠠᠨ ᠤᠯᠤᠰ ᠤᠨ ᠡᠭᠡᠯᠵᠢ ᠶᠢᠨ ᠨᠢᠰᠭᠡᠯ ᠤᠨ ᠨᠢᠰᠴᠦ ᠪᠠᠭᠤᠬᠤ ᠶᠢ 1241 ᠡᠭᠡᠯᠵᠢ ᠤᠳᠠᠭ᠎ᠠ ᠪᠠᠲᠤᠯᠠᠨ᠂ ᠬᠢᠯᠢ ᠪᠠᠷ ᠦᠩᠭᠡᠷᠡᠬᠦ ᠠᠶᠠᠨᠴᠢᠳ ᠢ 12.9 ᠲᠦᠮᠡᠨ ᠬᠦᠮᠦᠨ ᠤᠳᠠᠭ᠎ᠠ ᠪᠠᠲᠤᠯᠠᠵᠤ᠂ ᠵᠢᠯ ᠳᠤ ᠳᠤᠮᠳᠠᠴᠢ ᠪᠠᠷ ᠤᠯᠠᠨ ᠤᠯᠤᠰ ᠤᠨ ᠠᠶᠠᠨᠴᠢᠳ ᠢ 3.3 ᠲᠦᠮᠡᠨ ᠬᠦᠮᠦᠨ ᠤᠳᠠᠭ᠎ᠠ ᠦᠩᠭᠡᠷᠡᠭᠦᠯᠵᠡᠢ᠂ ᠨᠢᠰᠭᠡᠯ ᠤᠨ ᠪᠠᠭᠤᠳᠠᠯ ᠤᠨ ᠭᠠᠳᠠᠭᠠᠲᠤ ᠨᠡᠭᠡᠭᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃      ᠲᠤᠰ ᠤᠳᠠᠭ᠎ᠠ ᠪᠤᠭᠤᠲᠤ ᠶᠢᠨ ᠨᠢᠰᠭᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠬᠢᠯᠢ ᠶᠢᠨ ᠪᠤᠭᠤᠮᠲᠠ ᠶᠢ ᠭᠠᠳᠠᠭᠠᠲᠤ ᠳᠤ ᠨᠡᠭᠡᠭᠡᠭᠰᠡᠨ ᠨᠢ᠂ ᠪᠤᠭᠤᠲᠤ ᠬᠢᠭᠡᠳ ᠳᠡᠯᠡᠬᠡᠢ ᠶᠢᠨ ᠰᠤᠯᠢᠯᠴᠠᠭᠠᠨ ᠳᠤ ᠠᠭᠠᠷ ᠤᠨ ᠲᠦᠷᠭᠡᠨ ᠨᠡᠪᠲᠡᠷᠡᠬᠦ ᠵᠠᠮ ᠢ  ᠨᠡᠭᠡᠭᠡᠨ ᠦᠭᠴᠦ᠂ ᠪᠤᠭᠤᠲᠤ ᠬᠤᠲᠠ ᠶᠢᠨ ᠬᠢᠯᠢ ᠶᠢᠨ ᠭᠠᠳᠠᠨᠠᠬᠢ ᠤᠯᠤᠰ ᠪᠠ ᠭᠠᠵᠠᠷ ᠤᠷᠤᠨ ᠎ ᠯᠤᠭ᠎ᠠ ᠶᠢᠨ ᠠᠷᠠᠯᠵᠢᠶ᠎ᠠ᠂ ᠮᠦᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ ᠪᠠ ᠵᠢᠭᠤᠯᠴᠢᠯᠠᠯ ᠵᠡᠷᠭᠡ ᠲᠠᠯ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢ ᠬᠦᠴᠦᠲᠡᠢ ᠠᠬᠢᠭᠤᠯᠬᠤ ᠪᠤᠯᠤᠨ᠎ᠠ᠃ ᠡᠭᠦᠨ ᠤ ᠬᠠᠮᠲᠤ᠂ ᠬᠢᠯᠢ ᠶᠢᠨ ᠪᠤᠭᠤᠮᠲᠠ ᠶᠢᠨ ᠤᠷᠤᠨ ᠪᠠᠶᠢᠷᠢ ᠶᠢᠨ ᠳᠠᠪᠠᠭᠤᠯᠢᠭ᠂ ᠪᠤᠭᠤᠮᠲᠠ ᠪᠠᠷ ᠦᠩᠭᠡᠷᠡᠬᠦ ᠶᠢ ᠳᠦᠭᠦᠮᠴᠢᠯᠡᠬᠦ ᠨᠦᠬᠦᠴᠡᠯ ᠳᠤ ᠲᠦᠰᠢᠭᠯᠡᠨ᠂ ᠵᠢᠭᠤᠯᠴᠢᠯᠠᠯ᠂ ᠭᠠᠳᠠᠭᠠᠳᠤ ᠠᠴᠠ ᠤᠷᠤᠭᠤᠯᠵᠤ ᠭᠠᠳᠠᠭᠠᠲᠤ ᠳᠤ ᠭᠠᠷᠭᠠᠬᠤ ᠠᠷᠠᠯᠵᠢᠶ᠎ᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠲᠡ ᠶᠢ ᠪᠦᠲᠦᠮᠵᠢᠲᠡᠢ ᠳᠠᠶᠢᠴᠢᠯᠠᠵᠤ᠂ ᠪᠤᠭᠤᠲᠤ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤ ᠰᠢᠨ᠎ᠡ ᠬᠦᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠤᠯᠤᠰ ᠤᠨ ᠬᠢᠯᠢ ᠶᠢᠨ ᠪᠤᠭᠤᠮᠲᠠ ᠶᠢᠨ ᠭᠠᠳᠠᠭᠠᠲᠤ ᠨᠡᠭᠡᠭᠡᠯᠲᠡ ᠶᠢᠨ ᠱᠠᠭᠠᠷᠳᠠᠯᠭ᠎ᠠ ᠶᠤᠰᠤᠭᠠᠷ᠂ ᠬᠤᠯᠪᠤᠭᠳᠠᠯ ᠪᠦᠬᠦᠢ ᠰᠠᠭᠤᠷᠢ  ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠤᠯᠤᠰ ᠤᠨ ᠬᠢᠯᠢ ᠶᠢᠨ ᠪᠤᠭᠤᠮᠲᠠ ᠶᠢᠨ ᠭᠠᠳᠠᠭᠠᠲᠤ ᠨᠡᠭᠡᠭᠡᠯᠲᠡ ᠶᠢᠨ ᠰᠢᠯᠭᠠᠨ ᠠᠪᠬᠤ ᠳᠤ ᠡᠷᠲᠡᠬᠡᠨ  ᠪᠠᠲᠤᠯᠠᠭᠳᠠᠬᠤ ᠪᠠᠷ ᠴᠢᠷᠮᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号