ᠮᠠᠨᠵᠦᠦᠷ ᠬᠤᠲᠠ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠢ ᠡᠬᠢᠯᠡᠭᠦᠯᠬᠦ ᠬᠤᠷᠡᠯ ᠬᠢᠪᠡ
ᠨᠡᠶᠢᠲᠡᠯᠡᠭᠰᠡᠨ ᠴᠠᠭ᠄
2019/12/9
     ᠦᠨᠦᠬᠡᠨ᠂ ᠮᠠᠨᠵᠦᠦᠷ ᠬᠤᠲᠠ ᠶᠢᠨ ᠳᠡᠳ᠋ ᠲᠠᠷᠤᠭ᠎ᠠ ᠭᠦᠸᠧ ᠰᠢᠶᠣᠣ ᠹᠠᠨᠭ᠌ ᠮᠠᠨᠵᠦᠦᠷ ᠬᠤᠲᠠ ᠶᠢᠨ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠢ ᠡᠬᠢᠯᠡᠭᠦᠯᠬᠦ ᠬᠤᠷᠡᠯ ᠵᠢᠴᠢ ᠣᠯᠠᠨ ᠰᠠᠯᠠᠭ᠎ᠠ ᠮᠦᠴᠢᠷ ᠤᠨ ᠵᠣᠬᠢᠴᠠᠭᠤᠯᠤᠨ ᠪᠣᠯᠪᠠᠰᠤᠷᠠᠭᠤᠯᠬᠤ ᠬᠤᠷᠠᠯ ᠢ ᠡᠷᠬᠢᠯᠡᠨ ᠬᠤᠷᠠᠯᠲᠤᠭᠤᠯᠪᠠ᠃ ᠬᠤᠲᠠ ᠶᠢᠨ ᠨᠠᠮ ᠤᠨ ᠬᠤᠷᠢᠶ᠎ᠠ᠂ ᠤᠯᠤᠰ ᠲᠦᠷᠦ ᠬᠠᠣᠯᠢ ᠴᠠᠭᠠᠵᠠ ᠶᠢᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ᠂ ᠬᠤᠲᠠ ᠶᠢᠨ ᠲᠣᠲᠤᠭᠠᠲᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠠᠯ ᠳᠤ ᠣᠷᠤᠯᠴᠠᠪᠠ᠃     ᠬᠤᠷᠠᠯ ᠳᠤ ᠮᠠᠨᠵᠦᠦᠷ ᠬᠤᠲᠠ ᠶᠢᠨ 2019 ᠣᠨ ᠤ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠤᠲᠤᠷᠢᠳᠬᠤ ᠲᠣᠭᠤᠶᠢᠯᠠᠩ ᠤᠨ ᠡᠯ᠎ᠡ ᠪᠦᠷᠢᠯᠲᠦᠬᠦᠨ ᠨᠢᠭᠡᠴᠢ ᠣᠪᠣᠷ ᠢᠶᠠᠨ ᠢᠯᠡᠳᠭᠡᠬᠦ ᠶᠠᠷᠢᠶ᠎ᠠ ᠲᠠᠯᠪᠢᠪᠠ᠃      ᠭᠦᠸᠧ ᠰᠢᠶᠣᠣ ᠹᠠᠨᠭ᠌ ᠱᠠᠭᠠᠷᠳᠠᠭᠰᠠᠨ ᠨᠢ ᠦᠵᠡᠯᠲᠡ ᠲᠠᠨᠢᠯᠲᠠ ᠪᠠᠨ ᠳᠡᠭᠡᠭᠰᠢᠯᠡᠭᠦᠯᠦᠨ᠂ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ᠲᠣᠷᠰᠢᠯᠲᠠ ᠶᠢᠨ ᠠᠵᠢᠯ ᠢ ᠦᠷᠨᠢᠭᠦᠯᠬᠦ ᠨᠢ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠤᠨ ᠠᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢᠨ ᠱᠠᠭᠠᠷᠳᠠᠯᠭ᠎ᠠ ᠮᠦᠨ ᠂ ᠠᠷᠠᠳ ᠣᠯᠠᠨ ᠤ ᠰᠡᠳᠭᠢᠴᠡ ᠶᠢᠨ ᠡᠷᠡᠭᠦᠯ ᠮᠡᠨᠲᠦ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠨᠭ᠍ᠭᠠᠬᠤ ᠠᠴᠠ ᠭᠠᠷᠳᠠᠬᠤ ᠶᠠᠪᠤᠳᠠᠯ ᠮᠦᠨ ᠪᠣᠯᠬᠤᠷ᠂ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠢ ᠰᠠᠶᠢᠲᠤᠷ ᠬᠢᠬᠦ ᠡᠭᠦᠷᠭᠡᠲᠦ ᠰᠡᠳᠭᠢᠯᠭᠡ᠂ ᠬᠠᠷᠢᠭᠤᠴᠠᠯᠭᠠᠲᠦ ᠰᠡᠳᠭᠢᠯᠭᠡ ᠪᠠᠨ ᠦᠨᠡᠨ ᠬᠦ ᠨᠡᠮᠡᠭᠳᠡᠭᠦᠯᠬᠦ ᠬᠡᠷᠡᠭᠲᠡᠢ᠃ ᠨᠡᠭᠡᠭᠡᠯᠲᠡ ᠲᠠᠢ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠦᠷ ᠬᠢᠬᠦ ᠬᠡᠷᠡᠭᠲᠡᠢ᠃ ᠬᠠᠷᠠᠯᠲᠠ ᠪᠠᠨ ᠲᠦᠪᠯᠡᠷᠡᠭᠦᠯᠦᠨ᠂ ᠭᠤᠣᠯᠳᠠᠯᠭ᠎ᠠ ᠪᠠᠨ ᠲᠣᠪᠤᠶᠢᠯᠭᠠᠵᠦ᠂ ᠲᠣᠷᠰᠢᠯᠲᠠ ᠶᠢᠨ ᠠᠵᠢᠯ ᠢ ᠡᠮᠬᠢ ᠵᠢᠷᠦᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠲᠡᠪᠴᠡᠩ ᠢ ᠠᠰᠢᠭᠯᠠᠨ᠂ ᠰᠢᠰᠲ᠋ᠧᠮ ᠪᠠᠶᠢᠭᠤᠯᠵᠦ᠂ ᠲᠣᠷᠰᠢᠯᠲᠠ ᠶᠢᠨ ᠠᠵᠢᠯ ᠢ ᠨᠢᠭᠡᠲᠦᠯᠲᠡᠢ ᠠᠬᠢᠭᠤᠯᠬᠤ ᠬᠡᠷᠡᠭᠲᠡᠢ᠃ ᠵᠣᠷᠢᠭᠲᠠᠢ ᠬᠠᠶᠢᠨ ᠰᠦᠪᠡᠭᠴᠢᠯᠡᠨ᠂ ᠰᠢᠨ᠎ᠡ ᠶᠢ ᠡᠭᠦᠳᠴᠦ᠂ ᠲᠣᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠡᠢ᠃       ᠭᠦᠸᠧ ᠰᠢᠶᠣᠣ ᠹᠠᠨᠭ᠌ ᠴᠢᠬᠤᠯᠠᠴᠢᠯᠠᠭᠰᠠᠨ ᠨᠢ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠤᠨ ᠡᠭᠦᠷᠭᠡ ᠭᠦᠨᠲᠦ ᠵᠠᠮ ᠬᠤᠯᠠ ᠶᠤᠮ᠂ ᠪᠢᠳᠡ ᠡᠷᠬᠡᠪᠰᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠲᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠣᠷᠰᠢᠯᠲᠠ ᠶᠢᠨ ᠠᠵᠢᠯ ᠢ ᠠᠮᠤᠷ ᠲᠠᠶᠢᠪᠤᠡᠭ ᠮᠠᠨᠵᠦᠦᠷ᠂ ᠡᠷᠡᠭᠦᠯ ᠮᠡᠨᠲᠦ ᠮᠠᠨᠵᠦᠦᠷ ᠢ ᠪᠦᠲᠦᠭᠡᠨ ᠪᠠᠶᠢᠭᠤᠯᠬᠤ ᠴᠢᠬᠤᠯᠠ ᠠᠭᠤᠯᠭ᠎ᠠ ᠪᠣᠯᠭᠠᠵᠦ᠂ ᠵᠣᠷᠢᠭᠲᠠᠢ ᠬᠠᠶᠢᠨ ᠰᠦᠪᠡᠭᠴᠢᠯᠡᠨ᠂ ᠨᠡᠭᠡᠭᠡᠯᠲᠡ ᠲᠠᠢ ᠪᠠᠷ ᠰᠢᠨ᠎ᠡ ᠶᠢ ᠡᠭᠦᠳᠴᠦ᠂ ᠮᠠᠨᠵᠦᠦᠷ ᠬᠤᠲᠠ ᠶᠢᠨ ᠨᠡᠶᠢᠭᠡᠮ ᠤᠨ ᠰᠡᠳᠭᠢᠴᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠠᠵᠢᠯ ᠢ ᠪᠦᠬᠦ ᠭᠦᠴᠦᠨ ᠢᠶᠠᠷ ᠢᠶᠠᠨ ᠠᠬᠢᠭᠤᠯᠵᠦ᠂ ᠰᠢᠯᠢᠳᠡᠭ ᠬᠢᠷᠢ ᠪᠦᠲᠦᠮᠵᠢ ᠪᠠᠷ ᠡᠭᠦᠷᠭᠡ ᠪᠠᠨ  ᠪᠡᠶᠡᠯᠡᠭᠦᠯᠬᠦ ᠬᠡᠷᠡᠭᠲᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号