ᠤᠯᠠᠭᠠᠨᠬᠠᠳᠠ ᠬᠤᠲᠠ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2019/12/9
     12 ᠳ᠋ᠤᠭᠠᠷ ᠰᠠᠷ᠎ᠠ ᠶᠢᠨ 3᠎ ᠤ ᠡᠳᠦᠷ᠂ ᠤᠯᠠᠭᠠᠨᠬᠠᠳᠠ ᠬᠤᠲᠠ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠤᠨ ᠡᠬᠢᠯᠡᠬᠦ ᠶᠤᠰᠤᠯᠠᠯ ᠡᠷᠬᠢᠯᠡᠪᠡ᠂ ᠡᠨᠡ ᠨᠢ ᠤᠯᠠᠭᠠᠨᠬᠠᠳᠠ ᠬᠤᠲᠠ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠬᠤᠭ ᠨᠤᠪᠰᠢ ᠶᠢ ᠲᠦᠷᠦᠯ ᠬᠤᠪᠢᠶᠠᠬᠤ ᠶᠢ ᠬᠡᠷᠡᠭᠵᠢᠭᠦᠯᠬᠦ ᠤᠷᠤᠨ ᠪᠦᠰᠡ ᠪᠤᠯ ᠤᠯᠠᠭᠠᠨᠬᠠᠳᠠ ᠬᠤᠲᠠ ᠶᠢᠨ ᠲᠦᠪ ᠲᠤᠭᠤᠷᠢᠭ ︵ᠬᠤᠩᠱᠠᠨ ᠲᠤᠭᠤᠷᠢᠭ᠂ ᠰᠦᠩᠱᠠᠨ ᠲᠤᠭᠤᠷᠢᠭ᠂ ᠬᠠᠷᠠᠴᠢᠨ ᠬᠤᠰᠢᠭᠤᠨ ᠤ ᠾᠧ ᠮᠸᠢ ᠠᠵᠤ ᠦᠢᠯᠡᠳᠪᠦᠷᠢ ᠠᠷᠠᠯᠵᠢᠶᠠᠨ ᠤ ᠲᠤᠭᠤᠷᠢᠭ ᠢ ᠪᠠᠭᠲᠠᠭᠠᠨ᠎ᠠ︶ ᠪᠤᠯᠤᠨ᠎ᠠ᠃ ᠬᠤᠭ ᠨᠤᠪᠰᠢ ᠳᠤ ︽ᠳᠥᠷᠪᠡᠨ ᠲᠦᠷᠦᠯ ᠬᠤᠪᠢᠶᠠᠬᠤ ᠠᠷᠭ᠎ᠠ︾᠎ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠪᠤᠴᠠᠭᠠᠨ ᠠᠪᠴᠤ ᠪᠤᠯᠬᠤ ᠬᠤᠭ ᠨᠤᠪᠰᠢ᠂ ᠬᠤᠤᠷᠲᠠᠢ ᠬᠤᠭ ᠨᠤᠪᠰᠢ᠂ ᠲᠤᠭᠤᠭᠠᠨ ᠭᠡᠷ ᠤᠨ ᠬᠤᠭ ᠨᠤᠪᠰᠢ ᠪᠠ ᠪᠤᠰᠤᠳ ᠬᠤᠭ ᠨᠤᠪᠰᠢ ᠭᠡᠵᠦ ᠬᠤᠪᠢᠶᠠᠨ᠎ᠠ᠃ ᠠᠵᠢᠯ ᠤᠨ ᠬᠠᠷᠠᠯᠲᠠ ᠶᠢᠨ ᠲᠠᠯ᠎ᠠ ᠪᠠᠷ᠂ 2019 ᠤᠨ ᠎ ᠳᠤ᠂ ᠬᠤᠲᠠ ᠶᠢᠨ ᠲᠦᠪ ᠲᠤᠭᠤᠷᠢᠭ ᠤᠨ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠨᠡᠶᠢᠭᠡᠮ ᠪᠦᠯᠬᠦᠮ ᠤᠨ ᠵᠤᠬᠢᠶᠠᠨ ᠪᠠᠶᠢᠭᠤᠯᠤᠯᠲᠠ᠂ ᠤᠯᠠᠨ ᠨᠡᠶᠢᠲᠡ ᠶᠢᠨ ᠲᠠᠯᠠᠪᠤᠷ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠪᠦᠷᠬᠦᠯᠲᠡ ᠶᠢᠨ ᠨᠤᠷᠮ᠎ᠠ ᠶᠢ 100%᠎ ᠳᠤ ᠬᠦᠷᠦᠭᠦᠯᠦᠨ᠎ᠡ᠃ 2020 ᠤᠨ ᠳᠤ᠂ ᠬᠤᠲᠠ ᠶᠢᠨ ᠲᠦᠪ ᠲᠤᠭᠤᠷᠢᠭ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠪᠦᠷᠬᠦᠯᠲᠡ ᠶᠢᠨ ᠨᠤᠷᠮ᠎ᠠ ᠶᠢ100%᠎ ᠳᠤ ᠬᠦᠷᠦᠭᠦᠯᠵᠦ᠂ ᠬᠤᠩ ᠱᠠᠨ ᠲᠤᠭᠤᠷᠢᠭ᠂ ᠰᠦᠩ ᠱᠠᠨ ᠲᠤᠭᠤᠷᠢᠭ ᠲᠤ ᠲᠤᠰᠪᠤᠷᠢ ᠵᠡᠭᠡᠯᠢ ᠭᠤᠳᠤᠮᠵᠢ ᠶᠢᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠵᠢᠱᠢᠶ᠎ᠡ ᠦᠵᠡᠭᠦᠯᠬᠦ ᠲᠤᠭᠤᠷᠢᠭ ᠪᠠᠶᠢᠭᠤᠯᠤᠨ᠎ᠠ᠃ 2021 ᠤᠨ —2022 ᠤᠨ ᠪᠤᠯᠬᠤ ᠳᠤ᠂ ᠬᠤᠲᠠ ᠶᠢᠨ ᠲᠦᠪ ᠲᠤᠭᠤᠷᠢᠭ ᠤᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠬᠤ ᠶᠢ ᠪᠦᠷᠢᠨ ᠪᠦᠷᠬᠦᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号