12 ᠳ᠋ᠤᠭᠠᠷ ᠰᠠᠷ᠎ᠠ ᠶᠢᠨ 3 ᠤ ᠡᠳᠦᠷ ᠪᠤᠯ ᠬᠤᠷᠢᠨ ᠨᠠᠢᠮᠠᠳᠡᠬᠢ ︽ᠳᠡᠯᠡᠬᠡᠢ ᠶᠢᠨ ᠵᠡᠮᠳᠡᠭᠴᠦᠳ ᠤᠨ ᠡᠳᠦᠷ︾ | ᠪᠤᠯᠤᠨ᠎ᠠ᠂ ᠵᠡᠮᠳᠡᠭᠴᠦᠳ ᠢ ᠳᠡᠮᠵᠢᠨ ᠬᠠᠪᠰᠦᠷᠴᠦ᠂ ᠵᠡᠮᠳᠡᠭᠴᠥᠳ ᠤᠨ ᠨᠡᠶᠢᠭᠡᠮ ᠤᠨ ᠬᠦᠳᠡᠯᠭᠡᠭᠡᠨ ᠳᠤ ᠢᠳᠡᠪᠬᠢᠲᠡᠢ | ᠤᠷᠤᠯᠴᠠᠬᠤ ᠶᠢ ᠵᠤᠷᠢᠭᠵᠢᠭᠤᠯᠤᠨ᠂ ᠪᠤᠯᠪᠠᠰᠤᠨ ᠤ ᠦᠷ᠎ᠡ ᠪᠦᠲᠦᠭᠡᠯ ᠢ ᠬᠠᠮᠲᠤ ᠪᠠᠷ ᠬᠦᠷᠲᠡᠬᠦ ᠶᠢᠨ ᠲᠦᠯᠦᠭᠡ᠂ | ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠤᠭᠠᠲᠤ ᠬᠤᠷᠠᠯ ᠠᠴᠠ 2019 ᠤᠨ ᠤ ︽ᠳᠡᠯᠡᠬᠡᠢ ᠶᠢᠨ | ᠵᠡᠮᠳᠡᠭᠴᠦᠳ ᠤᠨ ᠡᠳᠦᠷ ᠤᠨ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠡᠢ᠃ ᠲᠤᠰ ᠤᠳᠠᠭᠠᠨ ᠤ ᠠᠵᠢᠯᠯᠠᠭ᠎ᠠ ᠶᠢ | ᠬᠢᠩᠭᠠᠨ ᠠᠶᠢᠮᠠᠭ ᠤᠨ ᠮᠦᠴᠢ ᠵᠡᠮᠳᠡᠭ ᠬᠦᠮᠦᠰ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠵᠦ᠂ ᠬᠢᠩᠭᠠᠨ | ᠠᠶᠢᠮᠠᠭ ᠤᠨ ᠮᠦᠰᠦᠨ ᠶᠠᠪᠠᠭᠠᠨ ᠭᠠᠯᠠᠭᠤ ᠬᠤᠳᠠᠯᠳᠤᠭᠠᠴᠢᠳ ᠤᠨ ᠡᠪᠯᠡᠯ᠂ ᠬᠢᠩᠭᠠᠨ ᠠᠶᠢᠮᠠᠭ ᠤᠨ | ᠡᠮᠡᠭᠲᠡᠶᠢᠴᠦᠳ ᠤᠨ ᠬᠤᠳᠠᠯᠳᠤᠭᠠᠴᠢᠳ ᠤᠨ ᠡᠪᠯᠡᠯ ᠬᠠᠪᠰᠤᠷᠤᠨ ᠡᠷᠬᠢᠯᠡᠪᠡ᠃ | ᠡᠨᠡ ᠵᠢᠯ ᠤᠨ ︽ᠳᠡᠯᠡᠬᠡᠢ ᠶᠢᠨ ᠵᠡᠮᠳᠡᠭᠴᠦᠳ ᠤᠨ ᠡᠳᠦᠷ︾ ᠤᠨ ᠭᠤᠤᠯ ᠰᠡᠳᠦᠪ ᠪᠤᠯ ︽ᠵᠡᠮᠳᠡᠭᠴᠦᠳ ᠤᠨ | ᠤᠷᠤᠯᠴᠠᠬᠤ ᠬᠡᠮᠵᠢᠶ᠎ᠡ ᠪᠠ ᠤᠳᠤᠷᠢᠳᠬᠤ ᠬᠦᠴᠦᠨ ᠢ ᠳᠡᠭᠡᠭᠰᠢᠯᠡᠭᠦᠯᠦᠨ᠎ᠡ᠄ ᠲᠤᠬᠠᠶᠢᠯᠠᠪᠠᠯ ︿2030 ᠤᠨ ᠤ | ᠦᠷᠬᠦᠯᠵᠢᠯᠡᠯ ᠬᠦᠭᠵᠢᠯᠲᠡ ᠶᠢᠨ ᠵᠦᠪᠯᠡᠬᠦ ᠵᠦᠢᠯ ﹀ ᠢ ᠦᠨᠳᠦᠰᠦᠯᠡᠨ ᠠᠵᠢᠯᠯᠠᠭ᠎ᠠ ᠶᠠᠪᠤᠭᠤᠯᠬᠤ ᠶᠠᠪᠤᠳᠠᠯ ᠪᠤᠯᠤᠨ᠎ᠠ︾ | ᠃ ᠠᠵᠢᠯᠯᠠᠭ᠎ᠠ ᠨᠢ ᠬᠢᠩᠭᠠᠨ ᠠᠶᠢᠮᠠᠭ ᠤᠨ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠬᠡᠤᠬᠡᠳ ᠤᠳ ᠤᠨ | ᠲᠣᠭᠯᠠᠭᠰᠠᠨ ᠪᠦᠵᠢᠭ ︽ᠠᠮᠢ ᠨᠠᠰᠤ︾ ᠪᠠᠷ ᠬᠦᠰᠢᠭᠡ ᠨᠡᠭᠡᠭᠡᠵᠦ᠂ ᠤᠯᠠᠨ ᠳᠤ ᠨᠢᠭᠡ ᠪᠦᠯᠦᠭ ᠵᠡᠮᠳᠡᠭ ᠠᠮᠢ | ᠨᠠᠰᠤᠨ ᠤ ᠴᠢᠮᠡᠭᠡ ᠠᠨᠢᠷ ᠦᠭᠡᠢ ᠤᠷᠭᠢᠯᠤᠨ ᠪᠠᠳᠠᠷᠠᠭᠰᠠᠨ ᠴᠤᠭ ᠵᠢᠪᠬᠤᠭ᠎ᠠ ᠶᠢ ᠦᠵᠡᠭᠦᠯᠪᠡ᠃ | ᠠᠵᠢᠯᠯᠠᠭ᠎ᠠ ᠳᠤᠮᠳᠠ᠂ ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠠᠴᠠ ᠬᠢᠩᠭᠠᠨ ᠠᠶᠢᠮᠠᠭ ᠤᠨ | ᠮᠦᠰᠳ ᠶᠠᠪᠠᠭᠠᠨ ᠭᠠᠯᠠᠭᠤ ᠬᠤᠳᠠᠯᠳᠤᠭᠠᠴᠢᠳ ᠤᠨ ᠡᠪᠯᠡᠯ ᠪᠤᠯᠤᠨ ᠬᠢᠩᠭᠠᠨ ᠠᠶᠢᠮᠠᠭ ᠤᠨ ᠡᠮᠡᠭᠲᠡᠶᠢᠴᠦᠳ ᠤᠨ | ᠬᠤᠳᠠᠯᠳᠤᠭᠠᠴᠢᠳ ᠤᠨ ᠡᠪᠯᠡᠯ ᠳᠤ ︽ᠨᠢᠭᠦᠯᠡᠰᠦᠩᠭᠦᠢ ᠬᠤᠳᠠᠯᠳᠤᠭᠠᠴᠢᠳ ᠤᠨ ᠡᠪᠯᠡᠯ︾ ᠤᠨ ᠴᠤᠯᠠ ᠤᠯᠭᠤᠵᠤ᠂ | ᠮᠠᠰᠢ ᠤᠯᠠᠨ ︽ᠨᠢᠭᠦᠯᠡᠰᠦᠩᠭᠦᠢ ᠠᠵᠦ ᠠᠬᠤᠶᠢᠯᠠᠯ︾᠂ ︽ᠵᠡᠮᠳᠡᠭᠴᠦᠳ ᠤᠨ ᠲᠤᠰᠠᠯᠠᠬᠤ ᠠᠵᠦ ᠠᠬᠤᠶᠢᠯᠠᠯ︾ ᠳᠤ | ᠢᠯᠡᠷᠬᠡᠶᠢᠯᠡᠯ ᠤᠯᠭᠤᠭᠰᠠᠨ ᠪᠦᠭᠡᠳ ᠨᠡᠶᠢᠭᠡᠮ ᠤᠨ ᠡᠯ᠎ᠡ ᠡᠲᠡᠭᠡᠳ ᠲᠤ ᠵᠡᠮᠳᠡᠭᠴᠦᠳ ᠢ ᠬᠠᠮᠲᠤ ᠪᠠᠷ ᠴᠢᠷᠮᠠᠶᠢᠨ | ᠬᠠᠪᠰᠤᠷᠴᠤ᠂ ᠲᠡᠳᠡᠨᠦᠰ ᠢ ᠭᠡᠷ ᠪᠦᠯᠢ ᠠᠴᠠ ᠪᠠᠨ ᠰᠠᠯᠵᠤ᠂ ᠨᠡᠶᠢᠭᠡᠮ ᠳᠡᠭᠡᠷ᠎ᠡ ᠭᠠᠷᠴᠤ᠂ ᠳᠠᠬᠢᠨ ᠠᠮᠢᠳᠤᠷᠠᠯ ᠤᠨ | ᠢᠲᠡᠭᠡᠯ ᠵᠤᠷᠢᠭ ᠲᠠᠢ ᠪᠤᠯᠭᠠᠬᠤ ᠶᠢ ᠤᠷᠢᠶᠠᠯᠠᠵᠠᠢ᠃ ᠬᠢᠩᠭᠠᠨ ᠠᠶᠢᠮᠠᠭ ᠤᠨ ᠮᠦᠰᠦᠨ ᠶᠠᠪᠠᠭᠠᠨ ᠭᠠᠯᠠᠭᠤ | ᠬᠤᠳᠠᠯᠳᠤᠭᠠᠴᠢᠳ ᠤᠨ ᠡᠪᠯᠡᠯ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠳᠠᠯᠳᠤᠭᠠᠴᠢᠳ ᠤᠨ ᠡᠪᠯᠡᠯ ᠤᠨ | ᠲᠦᠯᠦᠭᠡᠯᠡᠭᠴᠢ ᠮᠦᠴᠢ ᠵᠡᠮᠳᠡᠭ ᠬᠦᠮᠦᠰ ᠤᠨ ᠨᠡᠶᠢᠭᠡᠮᠯᠢᠭ ᠤᠨ ᠵᠡᠮᠳᠡᠭᠴᠦᠳ ᠲᠤ ᠴᠠᠬᠢᠯᠭᠠᠨ ᠲᠤᠭᠤᠭ᠎ᠠ ᠵᠡᠷᠭᠡ 10 | ᠲᠦᠮᠡᠨ ᠲᠦᠭᠦᠷᠡᠭ ᠤᠨ ᠦᠷᠳᠡᠭ ᠪᠦᠬᠦᠢ ᠡᠳ᠋ ᠪᠤᠳᠠᠰ ᠪᠡᠯᠡᠭᠯᠡᠵᠡᠢ᠃ |