ᠡᠨᠡ ᠵᠢᠯ᠂ ᠲᠥᠩᠯᠢᠶᠤᠤ ᠬᠤᠲᠠ ᠮᠠᠯ ᠠᠵᠤ ᠠᠬᠤᠢ ᠲᠠᠷᠢᠶᠠᠯᠠᠩ ᠤᠨ ᠪᠤᠬᠢᠷᠳᠤᠯ ᠥᠭᠡᠢ ᠠᠮᠢ | ᠠᠬᠤᠶᠢᠵᠢᠯᠲᠠ ᠶᠢ ᠠᠬᠢᠭᠤᠯᠵᠤ᠂ ᠵᠢᠯ ᠤᠨ ᠲᠥᠯᠥᠪᠯᠡᠭᠡ ᠶᠤᠰᠤ ᠪᠠᠷ 1000 ᠲᠥᠮᠡᠨ ᠮᠥ ᠲᠠᠷᠢᠶᠠᠯᠠᠩ ᠤᠨ | ᠥᠨᠳᠥᠷ ᠥᠷ᠎ᠡ ᠠᠰᠢᠬᠳᠤ ᠤᠰᠤ ᠠᠷᠪᠢᠯᠠᠬᠤ ᠢᠨᠵᠧᠨᠧᠷᠢᠩ ᠢ ᠨᠠᠶᠢᠳᠠᠪᠤᠷᠢᠵᠢᠭᠤᠯᠵᠤ᠂ ︽1000 ᠳ᠋ᠥᠩᠰᠢᠭᠤᠷ | ᠳᠡᠰ ᠤᠨ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠳᠣᠭᠡᠭᠳᠡᠬᠦᠨ ᠤ ᠨᠡᠶᠢᠲᠡ ᠶᠢᠨ ᠬᠡᠷᠡᠭᠯᠡᠭᠡᠨ ᠤ ᠨᠡᠷᠡᠳᠥ | ᠲᠥᠷᠥᠯ ᠳᠡᠮᠳᠡᠭ ᠢ ᠡᠭᠦᠳᠬᠦ ᠢᠨᠵᠧᠨᠧᠷᠢᠩ︾ ᠢ ᠬᠡᠷᠡᠭᠵᠢᠭᠦᠯᠵᠣ᠂ ᠲᠥᠩᠯᠢᠶᠤᠤ ᠶᠢᠨ ︽ᠰᠢᠷ᠎ᠡ ᠡᠷᠳᠡᠨᠢ ᠰᠢᠰᠢ︾ | ᠪᠠ ︽ᠬᠤᠷᠴᠢᠨ ᠥᠭᠡᠷ︾ ᠬᠡᠬᠦ ᠡᠨᠡ ᠬᠦ ᠬᠤᠶᠠᠷ ᠵᠦᠢᠯ ᠤᠨ ᠤᠷᠤᠨ ᠨᠤᠲᠤᠬ ᠤᠨ ᠨᠡᠶᠢᠲᠡ ᠶᠢᠨ ᠬᠡᠷᠡᠭᠯᠡᠭᠡᠨ ᠤ | ᠨᠡᠷᠡᠳᠥ ᠲᠥᠷᠥᠯ ᠳᠡᠮᠳᠡᠭ ᠢ ᠨᠡᠩ ᠰᠠᠶᠢᠲᠤᠷ ᠠᠯᠳᠠᠷᠰᠢᠭᠤᠯᠬᠤ ᠪᠠᠷ ᠪᠠᠶᠢᠨ᠎ᠠ᠃ | 2018 ᠤᠨ ᠳᠤ᠂ ᠲᠥᠩᠯᠢᠶᠤᠤ ᠬᠤᠲᠠ ᠮᠠᠯ ᠠᠵᠤ ᠠᠬᠤᠢ ᠲᠠᠷᠢᠶᠠᠯᠠᠩ ᠤᠨ ᠠᠵᠤ ᠥᠢᠯᠡᠰ ᠢ | ᠬᠥᠭᠵᠢᠭᠦᠯᠥᠨ ᠮᠠᠨᠳᠤᠭᠤᠯᠬᠤ ᠪᠠᠷ ᠳᠡᠮᠵᠢᠨ ᠬᠥᠳᠡᠭᠡ ᠲᠤᠰᠬᠤᠨ ᠤ ᠪᠥᠬᠦ ᠲᠠᠯ᠎ᠠ ᠶᠢᠨ ᠬᠥᠭᠵᠢᠨ ᠮᠠᠨᠳᠤᠯᠲᠠ ᠶᠢ | ᠳᠠᠶᠢᠴᠢᠯᠠᠵᠤ᠂ ᠠᠮᠤ ᠪᠤᠳᠠᠭ᠎ᠠ ᠶᠢᠨ ᠥᠢᠯᠡᠳᠪᠥᠷᠢᠯᠡᠯ ᠳᠠᠬᠢᠨᠳᠡ ᠡᠯᠪᠡᠭ ᠬᠤᠷᠢᠶᠠᠯᠲᠠ ᠤᠯᠵᠤ᠂ ᠪᠤᠬᠢᠷᠳᠤᠯ ᠥᠭᠡᠢ | ᠤᠷᠭᠠᠨᠢᠬ ᠲᠠᠷᠢᠶᠠᠯᠠᠩ ᠤᠨ ᠪᠦᠲᠦᠭᠡᠭᠲᠡᠬᠦᠨ ᠢ ᠭᠡᠷᠡᠴᠢᠯᠡᠭᠰᠡᠨ ᠲᠠᠯᠠᠪᠠᠢ ᠨᠢᠭᠡᠨᠳᠡ 311 ᠲᠥᠮᠡᠨ ᠮᠥ ᠳᠤ ᠬᠥᠷᠴᠥ᠂ | ᠲᠥᠩᠯᠢᠶᠤᠤ ᠶᠢᠨ ︽ᠰᠢᠷ᠎ᠡ ᠡᠷᠳᠡᠨᠢ ᠰᠢᠰᠢ︾ ᠪᠠ ︽ᠬᠤᠷᠴᠢᠨ ᠦᠬᠡᠷ︾ ᠭᠡᠬᠦ ᠡᠨᠡ ᠬᠦ ᠤᠷᠤᠨ ᠨᠤᠲᠤᠬ ᠤᠨ | ᠨᠡᠶᠢᠲᠡ ᠶᠢᠨ ᠬᠡᠷᠡᠭᠯᠡᠭᠡᠨ ᠤ ᠨᠡᠷᠡᠳᠥ ᠲᠥᠷᠥᠯ ᠳᠡᠮᠳᠡᠭ ᠤᠨ ᠥᠷᠳᠡᠭ ᠲᠤᠰ ᠲᠤᠰ 288 ᠳ᠋ᠥᠩᠰᠢᠭᠤᠷ ᠲᠥᠭᠦᠷᠢᠭ | ᠪᠤᠯᠤᠨ 203 ᠳ᠋ᠥᠩᠰᠢᠭᠤᠷ ᠲᠥᠭᠦᠷᠢᠭ ᠲᠤ ᠬᠥᠷᠴᠥ᠂ ᠥᠪᠡᠷᠳᠡᠭᠡᠨ ᠵᠠᠰᠠᠬᠤ ᠤᠷᠤᠨ ᠤ ᠨᠢᠭᠡᠳᠥᠭᠡᠷ᠂ | ᠬᠤᠶᠠᠳᠤᠭᠠᠷ ᠨᠡᠷᠡᠰ ᠲᠤ ᠲᠤᠳᠤᠷᠠᠭᠰᠠᠨ ᠪᠠᠶᠢᠨ᠎ᠠ᠃ | ᠡᠨᠡ ᠵᠢᠯ᠂ ᠲᠥᠩᠯᠢᠶᠤᠤ ᠬᠤᠲᠠ ᠤᠤᠯ ᠤᠨ ᠺᠠᠶᠢᠯᠤ ᠰᠢᠶᠠᠨ ᠤ ᠤᠯᠠᠭᠠᠨ ᠯᠠᠵᠤᠤ᠂ ᠬᠥᠷᠢᠶ᠎ᠡ | ᠬᠤᠰᠢᠭᠤ ᠶᠢᠨ ᠰᠠᠭᠠᠬ᠂ ᠲᠥᠩᠯᠢᠶᠤᠤ ᠬᠤᠳᠠ ᠶᠢᠨ ᠮᠤᠩᠭᠤᠯ ᠡᠮ ᠵᠡᠷᠭᠡ ᠲᠥᠷᠥᠯ ᠳᠡᠮᠳᠡᠭ ᠤᠨ ᠳᠠᠪᠠᠭᠤᠯᠢᠬ ᠢᠶᠠᠨ | ᠤᠯᠠᠮ ᠨᠢᠭᠡ ᠠᠯᠬᠤᠮ ᠪᠠᠳᠠᠷᠠᠭᠤᠯᠵᠤ᠂ ︽ᠪᠤᠬᠢᠷᠳᠤᠯ ᠥᠭᠡᠢ ᠲᠠᠷᠢᠶᠠᠯᠠᠩ ᠤᠨ ᠥᠢᠯᠡᠳᠭᠦᠨ᠂ ᠪᠤᠬᠢᠷᠳᠤᠯ ᠥᠭᠡᠢ | ᠢᠳᠡᠭᠡᠨ᠂ ᠤᠷᠭᠠᠨᠢᠬ ᠲᠠᠷᠢᠶᠠᠯᠠᠩ ᠤᠨ ᠪᠦᠲᠦᠭᠡᠭᠲᠡᠬᠦᠨ ᠪᠠ ᠭᠠᠵᠠᠷ ᠵᠥᠢ ᠶᠢᠨ ᠳᠡᠮᠳᠡᠭ︾ ᠤᠨ ᠪᠠᠶᠢᠭᠤᠯᠤᠯᠲᠠ ᠶᠢ | ᠰᠠᠶᠢᠲᠤᠷ ᠠᠳᠬᠤᠬᠤ ᠳᠡᠭᠡᠷ᠎ᠡ ᠬᠥᠴᠥ ᠳᠡᠯᠪᠢᠵᠤ᠂ ᠶᠠᠰᠥ ᠴᠢᠨᠠᠷ ᠤᠨ ᠠᠮᠤᠷ ᠲᠥᠪᠰᠢᠨ ᠢ ᠮᠥᠷᠳᠡᠵᠤ ᠳᠡᠶᠢᠯᠬᠦ᠂ | ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠳᠣᠭᠡᠭᠳᠡᠬᠦᠨ ᠢ ᠡᠳ᠋ᠰᠢᠭᠦᠯᠬᠦ ᠬᠢᠷᠢ ᠲᠥᠪᠰᠢᠨ ᠢ ᠳᠡᠭᠡᠭᠰᠢᠯᠡᠭᠦᠯᠬᠦ ᠪᠠ | ᠠᠷᠠᠯᠵᠢᠶᠠᠯᠠᠵᠤ ᠳᠡᠭᠡᠭᠡᠪᠥᠷᠢᠯᠡᠬᠦ ᠵᠡᠷᠭᠡ ᠠᠵᠢᠯ ᠢ ᠢᠳᠡᠪᠬᠢᠲᠠᠢ ᠠᠬᠢᠭᠤᠯᠵᠤ᠂ ᠲᠠᠷᠢᠶᠠᠨ ᠡᠮ ᠲᠠᠷᠢᠶᠠᠯᠠᠩ ᠤᠨ ᠡᠳ᠋ | ᠪᠠᠷᠠᠭ᠎ᠠ᠂ ᠲᠠᠷᠢᠶᠠᠨ ᠥᠷ᠎ᠡ ᠶᠢᠨ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢ ᠨᠡᠩᠳᠡ ᠴᠢᠩᠭᠠᠳᠬᠠᠵᠤ᠂ ᠮᠠᠯ ᠠᠵᠤ | ᠠᠬᠤᠢ ᠪᠠ ᠲᠠᠷᠢᠶᠠᠯᠠᠩ ᠳᠤ ᠬᠤᠯᠪᠤᠬᠳᠠᠬᠰᠠᠨ ᠬᠤᠳᠠᠯ ᠬᠠᠭᠤᠷᠮᠠᠬ ᠪᠦᠲᠦᠭᠡᠭᠲᠡᠬᠦᠨ ᠵᠡᠷᠭᠡ ᠬᠡᠷᠡᠭ ᠪᠤᠯᠤᠨ | ᠢᠯᠵᠠᠷᠡᠮᠠᠯ ᠠᠰᠠᠭᠤᠳᠠᠯ ᠢ ᠡᠷᠡᠰ ᠵᠠᠯᠬᠠᠭᠠᠵᠤ᠂ ᠤᠷᠳᠤ ᠬᠤᠭᠤᠴᠠᠭᠠᠨ ᠤ ᠦᠷ᠎ᠡ ᠪᠥᠳᠥᠮᠵᠢᠲᠠᠢ ᠲᠤᠬᠳᠠᠴᠠ ᠶᠢ | ᠪᠠᠶᠢᠭᠤᠯᠤᠨ᠂ ᠲᠠᠷᠢᠶᠠᠯᠠᠩ ᠠᠵᠤ ᠠᠬᠤᠶᠢᠯᠠᠯ᠂ ᠲᠠᠷᠢᠶᠠᠯᠠᠩ ᠠᠷᠠᠯᠵᠢᠶ᠎ᠠ᠂ ᠳᠠᠷᠢᠶᠠᠯᠠᠩ ᠵᠢᠭᠤᠯᠴᠢᠯᠠᠯ ᠢ ᠬᠠᠷᠢᠯᠴᠠᠨ | ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠪᠤᠬᠢᠷᠳᠤᠯ ᠥᠭᠡᠢ ᠤᠷᠭᠠᠨᠢᠬ ᠮᠠᠯ ᠤᠨ ᠠᠰᠢᠬ ᠰᠢᠮ᠎ᠡ ᠲᠠᠷᠢᠶᠠᠯᠠᠩ ᠤᠨ | ᠪᠦᠳᠣᠭᠡᠭᠳᠡᠬᠦᠨ ᠤ ᠲᠥᠷᠥᠯ ᠳᠡᠮᠳᠡᠭ ᠤᠨ ᠨᠥᠯᠥᠭᠡᠯᠡᠬᠦ ᠬᠥᠴᠥᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ | ᠪᠠᠶᠢᠨ᠎ᠠ᠃ |