︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/2/19

                 ᠥᠪᠥᠷ ᠵᠠᠰᠠᠭ ᠠᠯᠪᠠᠨ ᠲᠠᠷᠬᠠᠭᠠᠭᠰᠠᠨ ﹇2018﹈ 72 ᠳ᠋ᠤᠭᠠᠷ ᠲᠤᠭᠠᠳᠤ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃


         ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ᠤᠨ ᠬᠠᠷᠢᠯᠴᠠᠨ
         ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ


     ᠨᠢᠭᠡᠳᠦᠭᠡᠷ ᠪᠦᠯᠦᠭ ᠶᠡᠷᠦᠩᠬᠡᠢ ᠳᠦᠷᠢᠮ

     ᠨᠢᠭᠡᠳᠦᠭᠡᠷ ᠵᠦᠢᠯ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠯ᠎ᠠ ᠪᠠᠷ ᠬᠢ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠡᠷᠡᠭᠦᠯ ᠪᠦᠭᠡᠳ ᠵᠢᠷᠤᠮᠵᠢᠭᠤᠨ ᠢᠶᠠᠷ ᠬᠥᠭᠵᠢᠬᠦ ᠶᠢ ᠠᠬᠢᠭᠤᠯᠤᠨ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠦᠪᠡᠷ ᠤᠨ ᠥᠷᠲᠡᠭ ᠢᠶᠠᠷ ᠳᠣᠣᠷ᠎ᠠ᠂ ᠦᠷ᠎ᠡ ᠪᠦᠲᠦᠮᠵᠢ ᠪᠠᠷ ᠦᠨᠳᠦᠷ᠂ ᠦᠢᠯᠡᠴᠢᠯᠡᠭᠡ ᠨᠢ ᠰᠠᠶᠢᠨ᠂ ᠣᠷᠴᠢᠨ ᠨᠦᠬᠦᠴᠡᠯ ᠨᠢ ᠰᠢᠯᠢᠳᠡᠭ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ

ᠲᠣᠭᠲᠠᠭᠠᠪᠠ᠃
     ᠬᠤᠶᠠᠳᠤᠭᠠᠷ ᠵᠦᠢᠯ ᠲᠤᠰ ᠠᠷᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠳᠤ ᠬᠠᠤᠯᠢ ᠶᠤᠰᠤᠭᠠᠷ ᠵᠥᠪᠰᠢᠶᠡᠷᠡᠭᠦᠯᠵᠦ ᠪᠠᠶᠢᠭᠤᠯᠤᠭᠰᠠᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ︵ᠳᠤᠷᠤᠭᠰᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠭᠡᠵᠦ ᠲᠣᠪᠴᠢᠯᠠᠨ᠎ᠠ︶ ᠲᠤ ᠲᠣᠬᠢᠷᠠᠭᠤᠯᠤᠨ ᠬᠡᠷᠡᠭᠯᠡᠨ᠎ᠡ᠂ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ︵ᠬᠢᠯᠢ ᠬᠢᠵᠠᠭᠠᠷ ᠤᠨ ᠭᠠᠵᠠᠷ ᠣᠷᠣᠨ ᠳᠤ ᠪᠠᠶᠢᠭ᠎ᠠ ᠠᠶᠢᠮᠠᠭ ᠬᠤᠲᠠ ᠶᠢᠨ ᠰᠠᠭᠤᠭᠠᠯᠢ ᠠᠷᠠᠳ︶ ᠪᠣᠯᠣᠨ ᠨᠥᠭᠦᠭᠡᠳᠡᠬᠢ ᠤᠯᠤᠰ ᠤᠨ ᠬᠢᠯᠢ ᠶᠢᠨ ᠠᠷᠠᠳ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠣᠴᠢᠵᠤ᠂ ᠲᠣᠭᠲᠠᠭᠠᠭᠰᠠᠨ ᠲᠦᠷᠦᠯ ᠵᠦᠢᠯ᠂ ᠲᠤᠭ᠎ᠠ ᠬᠡᠮᠵᠢᠶ᠎ᠡ᠂ ᠵᠣᠭᠤᠰᠤᠨ ᠤ ᠲᠤᠭ᠎ᠠ ᠵᠡᠷᠭᠡ ᠪᠠᠷ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃ ᠬᠢᠯᠢ ᠬᠢᠵᠠᠭᠠᠷ ᠤᠨ ᠭᠠᠵᠠᠷ ᠣᠷᠣᠨ ᠤ ᠬᠤᠳᠠᠯᠳᠤᠭ᠎ᠠ ᠳᠡᠯᠭᠡᠭᠦᠷ᠂ ᠬᠠᠩᠭᠠᠨ ᠪᠣᠷᠤᠯᠠᠭᠤᠯᠬᠤ ᠬᠤᠷᠰᠢᠶ᠎ᠠ ᠵᠡᠷᠭᠡ ᠠᠵᠤ ᠠᠬᠤᠶᠢᠯᠠᠯ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠬᠢᠯᠢ ᠶᠢᠨ ᠠᠷᠠᠳ ᠯᠤᠭ᠎ᠠ ᠬᠢᠬᠦ ᠲᠠᠸᠠᠷ ᠤᠨ ᠰᠣᠯᠢᠯᠴᠠᠭᠠᠨ ᠤ ᠠᠵᠢᠯᠯᠠᠭ᠎ᠠ ᠶᠢ ᠬᠢᠯᠢ ᠶᠢᠨ ᠠᠷᠠᠯᠵᠢᠶ᠎ᠠ ᠶᠢᠨ ᠶᠤᠰᠤᠭᠠᠷ ᠬᠠᠮᠢᠶᠠᠷᠤᠨ᠎ᠠ᠃
     ᠭᠤᠷᠪᠠᠳᠤᠭᠠᠷ ᠵᠦᠢᠯ ᠡᠯ᠎ᠡ ᠡᠭᠦᠷᠭᠡ ᠴᠢᠳᠠᠪᠤᠷᠢᠲᠦ ᠰᠠᠯᠠᠭ᠎ᠠ ᠮᠦᠴᠢᠷ ᠨᠢ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠶᠠᠪᠤᠴᠠ ᠳᠤ ᠪᠠᠨ ᠬᠠᠤᠯᠢ ᠶᠣᠰᠤᠭᠠᠷ ᠬᠢᠨᠠᠨ ᠬᠠᠮᠢᠶᠠᠷᠬᠤ᠂ ᠦᠨᠳᠦᠷ ᠪᠦᠲᠦᠮᠵᠢᠲᠡᠢ ᠪᠦᠭᠡᠳ ᠠᠷᠠᠳ ᠲᠤ ᠳᠦᠭᠦᠮ ᠦᠵᠡᠭᠦᠯᠬᠦ᠂ ᠪᠣᠯᠪᠠᠰᠤᠨ ᠢᠶᠠᠷ ᠦᠢᠯᠡᠴᠢᠯᠡᠬᠦ᠂ ᠠᠮᠦᠷ ᠲᠥᠪᠰᠢᠨ ᠢ ᠪᠠᠲᠤᠯᠠᠬᠤ ᠵᠠᠷᠴᠢᠮ ᠢ ᠪᠠᠷᠢᠮᠲᠠᠯᠠᠬᠤ

ᠬᠡᠷᠡᠭᠲᠡᠢ᠃
     ᠬᠤᠶᠠᠳᠤᠭᠠᠷ ᠪᠦᠯᠦᠭ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠪᠠᠶᠢᠭᠤᠯᠬᠤ
     ᠳᠥᠷᠪᠡᠳᠦᠭᠡᠷ ᠵᠦᠢᠯ
ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠪᠣᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠦᠯᠵᠦ ᠪᠠᠶᠢᠭᠤᠯᠬᠤ ᠬᠡᠷᠡᠭᠲᠡᠢ᠃
     ᠲᠠᠪᠤᠳᠤᠭᠠᠷ ᠵᠦᠢᠯ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠪᠠᠶᠢᠭᠤᠯᠬᠤ ᠳᠤ ᠳᠣᠣᠷᠠᠬᠢ ᠨᠦᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄
     ︵ᠨᠢᠭᠡ︶ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠬᠠᠭᠤᠷᠠᠢ ᠵᠠᠮ᠂ ᠬᠢᠯᠢ ᠶᠢᠨ ᠵᠠᠭᠠᠭ ᠪᠣᠯᠬᠤ ᠭᠤᠣᠯ ᠤᠨ ᠬᠢᠯᠢ ᠶᠢᠨ ᠱᠤᠭᠤᠮ ᠠᠴᠠ 20 ᠺᠢᠯᠣᠮᠧᠲᠷ ᠤᠨ ᠳᠤᠲᠤᠷ᠎ᠠ ︵ᠠᠭᠤᠷ ᠠᠮᠢᠰᠬᠤᠯ ᠮᠠᠭᠤ᠂ ᠪᠠᠶᠢᠭᠠᠯᠢ ᠶᠢᠨ ᠨᠦᠬᠦᠴᠡᠯ ᠪᠠᠷᠤᠭᠲᠠᠢ᠂ ᠦᠨᠡᠨ ᠬᠦ ᠣᠨᠴᠠᠭᠠᠢ ᠪᠠᠶᠢᠳᠠᠯ ᠲᠠᠢ ᠬᠢᠯᠢ ᠬᠢᠵᠠᠭᠠᠷ ᠤᠨ ᠭᠠᠵᠠᠷ ᠣᠷᠣᠨ ᠳᠠᠬᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠬᠢᠯᠢ ᠶᠢᠨ ᠪᠤᠭᠤᠮᠲᠠ ᠶᠢᠨ ᠣᠶᠢᠷ᠎ᠠ ᠬᠠᠪᠢ ᠪᠠᠷ ᠪᠤᠶᠤ ᠲᠡᠳᠡᠭᠡᠷ ᠤᠨ ᠣᠶᠢᠷᠠᠯᠴᠠᠭ᠎ᠠ ᠭᠠᠵᠠᠷ ᠣᠷᠣᠨ ᠳᠤ ᠪᠠᠶᠢᠭᠤᠯᠵᠤ ᠪᠣᠯᠣᠨ᠎ᠠ᠂ ᠪᠣᠲᠠᠲᠠᠢ ᠭᠠᠵᠠᠷ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠢᠭᠤᠳ ᠬᠠᠷᠢᠶ᠎ᠠ ᠪᠤᠭᠤᠮᠲᠠ ᠲᠠᠢ ᠵᠦᠪᠳᠡᠯᠴᠡᠵᠦ ᠲᠣᠭᠲᠠᠭᠠᠬᠤ ᠶᠢᠨ ᠬᠠᠮᠲᠤ ᠪᠤᠭᠤᠮᠲᠠ ᠶᠢᠨ ᠶᠡᠷᠦᠩᠬᠡᠢ ᠵᠠᠬᠢᠷᠭ᠎ᠠ᠂ ᠬᠤᠳᠠᠯᠳᠤᠭᠠᠨ ᠤ ᠶᠠᠪᠤᠳᠠᠯ ᠤᠨ ᠶᠠᠮᠦᠨ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠢ︶ ᠪᠠᠶᠢᠭᠤᠯᠤᠨ᠎ᠠ︔
     ︵ᠬᠤᠶᠠᠷ︶ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠨᠢ ᠲᠤᠳᠤᠷᠬᠠᠢ ᠵᠠᠭᠠᠭ ᠱᠤᠭᠤᠮ ᠲᠠᠢ ᠪᠠᠶᠢᠬᠤ ᠬᠡᠷᠡᠭᠲᠡᠢ︔
     ︵ᠭᠤᠷᠪᠠ︶ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠲᠠᠯᠠᠪᠤᠷ ᠭᠠᠵᠠᠷ ᠪᠣᠯᠣᠨ ᠬᠢᠨᠠᠯᠲᠠ ᠬᠠᠮᠢᠶᠠᠷᠤᠯᠲᠠ ᠶᠢᠨ ᠪᠡᠯᠡᠳᠭᠡᠮᠵᠢ ᠶᠢ ᠪᠤᠭᠤᠮᠲᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠬᠠᠶᠢᠯᠠᠭᠰᠠᠨ ᠠᠵᠢᠯ ᠢ ᠡᠷᠬᠡᠪᠰᠢ ᠬᠠᠮᠢᠶ᠎ᠠ ᠪᠦᠬᠦᠢ ᠲᠣᠭᠲᠠᠭᠠᠯ ᠶᠤᠰᠤᠭᠠᠷ ᠪᠠᠶᠢᠭᠤᠯᠵᠤ ᠬᠢᠨᠠᠨ ᠵᠥᠪᠰᠢᠶᠡᠷᠡᠬᠦ ᠶᠢᠨ ᠬᠠᠮᠲᠤ ᠳᠠᠩᠰᠠᠯᠠᠨ ᠲᠡᠮᠲᠡᠭᠯᠡᠭᠦᠯᠦᠭᠰᠡᠨ ᠪᠠ ᠪᠤᠭᠤᠮᠲᠠ ᠠᠴᠠ ᠬᠢᠨᠠᠨ ᠬᠠᠮᠢᠶᠠᠷᠴᠤ ᠪᠦᠬᠦᠢ ᠠᠵᠢᠯᠯᠠᠭᠠᠨ ᠤ ᠲᠠᠯᠠᠪᠤᠷ ᠲᠤ ᠦᠷᠨᠢᠭᠦᠯᠦᠭᠰᠡᠨ ᠪᠠᠶᠢᠬᠤ ᠬᠡᠷᠡᠭᠲᠡᠢ︔
     ︵ᠳᠥᠷᠪᠡ︶ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠢᠯᠢ ᠪᠠᠷ ᠣᠷᠤᠵᠤ ᠭᠠᠷᠬᠤ ᠬᠢᠯᠢ ᠶᠢᠨ ᠪᠠᠶᠢᠴᠠᠭᠠᠬᠤ ᠭᠠᠵᠠᠷ᠂ ᠪᠠᠶᠢᠴᠠᠭᠠᠨ ᠰᠢᠯᠭᠠᠬᠤ ᠪᠡᠯᠡᠳᠭᠡᠮᠵᠢ ᠵᠢᠴᠢ ᠲᠣᠬᠠᠢ ᠶᠢᠨ ᠲᠠᠯᠠᠪᠤᠷ ᠤᠨ ᠢᠯᠡᠳᠭᠡᠵᠦ ᠢᠯᠭᠠᠬᠤ ᠲᠡᠮᠲᠡᠭ ᠤᠳ ᠨᠢ ᠬᠢᠯᠢ ᠶᠢᠨ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔
     ︵ᠲᠠᠪᠤ︶ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠨᠢ ᠪᠢᠲᠡᠭᠦᠮᠵᠢᠯᠡᠵᠦ ᠬᠠᠮᠢᠶᠠᠷᠬᠤ ᠨᠦᠬᠦᠴᠡᠯ ᠪᠣᠯᠣᠨ ᠵᠣᠬᠢᠬᠤ ᠬᠠᠮᠢᠶᠠᠷᠤᠯᠲᠠ ᠶᠢᠨ ᠪᠡᠯᠡᠳᠭᠡᠮᠵᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃
    ᠵᠢᠷᠭᠤᠳᠤᠭᠠᠷ ᠵᠦᠢᠯ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠴᠢᠯᠦᠭᠡᠲᠡᠢ ᠨᠡᠭᠡᠭᠡᠬᠦ ᠪᠠᠷ ᠪᠠᠶᠢᠭ᠎ᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠪᠣᠯᠣᠮᠵᠢᠲᠦ ᠪᠠᠶᠢᠴᠠᠭᠠᠨ ᠰᠤᠳᠤᠯᠤᠯᠲᠠ ᠦᠷᠨᠢᠭᠦᠯᠵᠦ᠂ ᠪᠦᠲᠦᠭᠡᠨ ᠪᠠᠶᠢᠭᠤᠯᠬᠤ ᠲᠦᠰᠦᠯ ᠭᠠᠷᠭᠠᠨ᠂ ᠬᠠᠷᠢᠶ᠎ᠠ ᠭᠠᠵᠠᠷ ᠤᠨ ᠪᠤᠭᠤᠮᠲᠠ᠂ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠦᠴᠢᠷ ᠲᠠᠢ ᠵᠦᠪᠳᠡᠯᠴᠡᠵᠦ ᠵᠥᠪᠰᠢᠶᠡᠷᠡᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠪᠠᠶᠢᠭᠤᠯᠵᠤ ᠴᠢᠯᠦᠭᠡᠲᠡᠢ ᠨᠡᠭᠡᠭᠡᠬᠦ ᠳᠤ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠢᠯᠭᠠᠵᠤ ᠬᠤᠷᠢᠶᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠂ ᠰᠢᠯᠭᠠᠵᠤ ᠬᠤᠷᠢᠶᠠᠨ ᠠᠪᠬᠤ ᠠᠵᠢᠯ ᠢ ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠭᠢᠮ ᠠᠴᠠ ᠲᠦᠷᠦᠭᠦᠯᠡᠵᠦ᠂ ᠪᠤᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠦᠴᠢᠷ ᠵᠢᠴᠢ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ ᠣᠷᠤᠯᠴᠠᠭᠤᠯᠤᠨ᠎ᠠ᠃ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠰᠢᠯᠭᠠᠵᠤ ᠬᠤᠷᠢᠶᠠᠨ ᠠᠪᠤᠭᠠᠳ ᠬᠢᠷᠢ ᠲᠡᠩᠴᠡᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠠᠳᠠᠭᠠᠲᠤ ᠳᠤ ᠴᠢᠯᠦᠭᠡᠲᠡᠢ ᠨᠡᠭᠡᠭᠡᠬᠦ ᠪᠠ ᠵᠢᠩᠬᠢᠨᠢ ᠪᠠᠷ ᠡᠵᠡᠩᠨᠡᠵᠦ ᠠᠵᠢᠯᠯᠠᠭᠤᠯᠬᠤ ᠶᠢᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠪᠠᠭᠤᠯᠭᠠᠵᠤ᠂ ᠬᠤᠯᠪᠣᠭᠳᠠᠯ ᠪᠦᠬᠦᠢ ᠨᠢᠭᠡᠴᠢ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠠᠵᠢᠯ ᠢ ᠦᠷᠨᠢᠭᠦᠯᠦᠨ᠎ᠡ᠃ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠴᠢᠯᠦᠭᠡᠲᠡᠢ ᠨᠡᠭᠡᠭᠡᠯᠲᠡ ᠶᠢ ᠥᠷᠭᠡᠳᠭᠡᠬᠦ ᠠᠵᠢᠯ ᠤᠨ ᠬᠢᠨᠠᠨ ᠵᠥᠪᠰᠢᠶᠡᠷᠡᠬᠦ᠂ ᠰᠢᠯᠭᠠᠵᠤ ᠬᠤᠷᠢᠶᠠᠨ ᠠᠪᠬᠤ᠂ ᠵᠥᠪᠰᠢᠶᠡᠷᠡᠬᠦ ᠳᠡᠰ ᠳᠠᠷᠠᠭᠠᠯᠠᠯ ᠢ ᠴᠢᠯᠦᠭᠡᠲᠡᠢ ᠨᠡᠭᠡᠭᠡᠬᠦ ᠪᠠᠷ ᠭᠤᠶᠣᠴᠢᠯᠠᠬᠤ ᠳᠡᠰ ᠳᠠᠷᠠᠭᠠᠯᠠᠯ ᠶᠣᠰᠤᠭᠠᠷ ᠬᠡᠷᠡᠭᠵᠢᠭᠦᠯᠦᠨ᠎ᠡ᠃
     ᠭᠤᠷᠪᠠᠳᠤᠭᠠᠷ ᠪᠦᠯᠦᠭ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ
     ᠳᠤᠯᠤᠳᠤᠭᠠᠷ ᠵᠦᠢᠯ
ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠪᠣᠯ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠴᠤ ᠵᠣᠬᠢᠴᠠᠭᠤᠯᠬᠤ ᠪᠠᠶᠢᠭᠤᠯᠤᠮᠵᠢ ᠪᠣᠯᠣᠨ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠪᠠ ᠲᠣᠬᠢᠷᠠᠭᠤᠯᠵᠤ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠪᠣᠯᠣᠨ ᠵᠠᠬ᠎ᠠ ᠳᠡᠯᠭᠡᠭᠦᠷ ᠤᠨ ᠦᠮᠴᠢᠲᠡᠳ ᠢ ᠬᠠᠮᠢᠶᠠᠷᠴᠤ ᠵᠢᠯᠤᠭᠤᠳᠬᠤ ᠪᠠᠨ ᠴᠢᠩᠭᠠᠳᠬᠠᠬᠤ ᠶᠢᠨ ᠬᠠᠮᠲᠤ᠂ ᠵᠢᠷᠤᠮᠵᠢᠭᠰᠠᠨ ᠪᠦᠭᠡᠳ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠪᠣᠲᠠᠲᠠᠢ ᠲᠠᠢ ᠨᠡᠶᠢᠴᠡᠭᠰᠡᠨ ᠮᠡᠳᠡᠭᠡ ᠵᠠᠩᠬᠢᠴᠢᠯᠠᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃
     ᠨᠠᠢᠮᠠᠳᠤᠭᠠᠷ ᠵᠦᠢᠯ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢ ᠪᠠᠶᠢᠭᠤᠯᠬᠤ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ︵ᠵᠠᠰᠠᠪᠤᠷᠢ

ᠣᠷᠤᠭᠤᠯᠬᠤ︶᠂ ᠡᠵᠡᠩᠨᠡᠵᠦ ᠠᠵᠢᠯᠯᠠᠭᠤᠯᠬᠤ ᠬᠠᠮᠢᠶᠠᠷᠤᠯᠲᠠ ᠶᠢᠨ ᠶᠠᠪᠤᠴᠠ ᠳᠠᠬᠢ ᠲᠣᠬᠠᠶᠢᠯᠠᠭᠰᠠᠨ ᠠᠵᠢᠯ ᠢ ᠵᠢᠯᠤᠭᠤᠳᠬᠤ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠪᠠᠶᠢᠭ᠎ᠠ ᠭᠠᠵᠠᠷ ᠤᠨ ᠪᠤᠭᠤᠮᠲᠠ᠂ ᠬᠢᠯᠢ ᠶᠢᠨ ᠪᠠᠶᠢᠴᠠᠭᠠᠯᠲᠠ᠂ ᠭᠠᠳᠠᠭᠠᠲᠤ ᠭᠤᠪᠢᠭᠤᠯᠤᠯᠭ᠎ᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠦᠴᠢᠷ ᠤᠳ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠣᠷᠣᠵᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃
     ᠪᠤᠭᠤᠮᠲᠠ ᠶᠢᠨ ᠰᠠᠯᠠᠭ᠎ᠠ ᠮᠦᠴᠢᠷ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢᠶᠠᠷ ᠣᠷᠤᠭᠤᠯᠵᠤ ᠭᠠᠷᠭᠠᠬᠤ ᠲᠠᠸᠠᠷ᠂ ᠲᠡᠭᠡᠭᠡᠪᠦᠷᠢ ᠶᠢᠨ ᠪᠠᠭᠠᠵᠢ ᠬᠡᠷᠡᠭᠰᠡᠯ᠂ ᠬᠦᠮᠦᠰ ᠤᠨ ᠠᠪᠴᠤ ᠶᠠᠪᠤᠬᠤ ᠡᠳ᠋ ᠪᠤᠳᠠᠰ ᠵᠡᠷᠭᠡ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠦᠨ᠎ᠡ ᠬᠠᠩᠰᠢ᠂ ᠣᠣᠯ ᠤᠨ ᠭᠠᠷᠤᠯᠲᠠ ᠶᠢᠨ ᠣᠷᠣᠨ ᠢ ᠨᠢ ᠬᠠᠷᠭᠤᠭᠤᠯᠤᠨ ᠪᠠᠶᠢᠴᠠᠭᠠᠵᠤ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠠᠬᠢ ᠢᠳᠡᠭᠡᠨ ᠤ ᠵᠦᠢᠯ ᠤᠨ ᠡᠵᠡᠩᠨᠡᠯᠲᠡ ᠶᠢᠨ ᠨᠢᠭᠡᠴᠢ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠦᠷᠦᠯ ᠵᠢᠴᠢ ᠠᠵᠢᠯᠯᠠᠭᠰᠠᠳ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢᠶᠠᠷ ᠣᠷᠤᠭᠤᠯᠵᠤ ᠭᠠᠷᠭᠠᠬᠤ ᠪᠠᠷᠠᠭ᠎ᠠ ᠶᠢ ᠬᠦᠮᠦᠷᠭᠡᠯᠡᠨ ᠬᠠᠳᠠᠭᠠᠯᠠᠬᠤ ᠲᠠᠯᠠᠪᠤᠷ ᠭᠠᠵᠠᠷ ᠤᠨ ᠠᠷᠢᠭᠤᠨ ᠴᠡᠪᠡᠷ ᠲᠤ ᠬᠢᠨᠠᠯᠲᠠ ᠲᠠᠯᠪᠢᠬᠤ ᠠᠵᠢᠯ ᠢ ᠦᠷᠨᠢᠭᠦᠯᠦᠨ᠎ᠡ᠃ ᠪᠤᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ᠂ ᠨᠢᠭᠤᠴᠠ ᠪᠠᠷ ᠠᠷᠠᠯᠵᠢᠶᠠᠯᠠᠭᠰᠠᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃
     ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠦᠴᠢᠷ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢᠶᠠᠷ ᠣᠷᠤᠵᠤ ᠭᠠᠷᠬᠤ ᠬᠦᠮᠦᠰ ᠪᠣᠯᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠳᠤ ᠬᠢᠯᠢ ᠶᠢᠨ ᠪᠠᠶᠢᠴᠠᠭᠠᠯᠲᠠ ᠬᠢᠵᠦ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠢᠵᠠᠭᠠᠷᠯᠠᠭᠰᠠᠨ ᠣᠷᠣᠨ ᠪᠦᠰᠡ ᠳᠤ ᠰᠡᠷᠡᠮᠵᠢᠯᠡᠭᠦᠯᠬᠦ ᠪᠠ ᠠᠮᠦᠷ ᠢ ᠬᠠᠮᠠᠭᠠᠯᠠᠬᠤ ᠬᠠᠮᠢᠶᠠᠷᠤᠯᠲᠠ ᠬᠡᠷᠡᠭᠵᠢᠭᠦᠯᠬᠦ ᠶᠢ ᠬᠠᠷᠢᠭᠤᠴᠠᠨ᠎ᠠ᠃
     ᠭᠠᠳᠠᠭᠠᠲᠤ ᠭᠤᠪᠢᠭᠤᠯᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠷᠠᠯᠵᠢᠶᠠᠨ ᠤ ᠦᠨᠡᠨ ᠪᠣᠲᠠᠲᠠᠢ ᠪᠠᠶᠢᠬᠤ ᠵᠠᠷᠴᠢᠮ ᠪᠣᠯᠣᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠵᠦᠷᠢᠶᠡᠴᠢᠯᠡᠭᠰᠡᠨ ᠣᠨᠴᠠᠯᠢᠭ ᠰᠢᠨᠵᠢ ᠶᠢ ᠦᠨᠳᠦᠰᠦᠯᠡᠵᠦ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠪᠠᠶᠢᠭᠤᠯᠤᠭᠰᠠᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠳ᠋ᠦᠩᠨᠡᠨ ᠪᠤᠳᠤᠬᠤ ᠲᠥᠪ ᠤᠨ ᠭᠠᠳᠠᠭᠠᠲᠤ ᠭᠤᠪᠢᠭᠤᠯᠤᠯᠭ᠎ᠠ ᠶᠢᠨ ᠳ᠋ᠦᠩᠨᠡᠨ ᠪᠤᠳᠤᠬᠤ ᠲᠣᠬᠠᠶᠢᠯᠠᠭᠰᠠᠨ ᠠᠵᠢᠯ ᠢ ᠬᠢᠨᠠᠨ ᠬᠠᠮᠢᠶᠠᠷᠤᠨ᠎ᠠ᠃
     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠡᠵᠡᠩᠨᠡᠯᠲᠡ ᠬᠢᠵᠦ ᠪᠠᠶᠢᠭ᠎ᠠ ᠣᠷᠣᠰ᠂ ᠮᠤᠩᠭᠤᠯ ᠤᠨ ᠠᠷᠠᠳ ᠢᠷᠭᠡᠳ ᠵᠢᠴᠢ ᠲᠡᠳᠡᠨ ᠤ ᠠᠵᠤ ᠠᠬᠤᠶᠢᠯᠠᠯ ᠢ ᠬᠠᠤᠯᠢ ᠶᠤᠰᠤᠭᠠᠷ ᠬᠠᠷᠭᠤᠭᠤᠯᠤᠨ ᠵᠥᠪᠰᠢᠶᠡᠷᠡᠬᠦ ᠶᠢᠨ ᠬᠠᠮᠲᠤ᠂ ᠵᠣᠬᠢᠬᠤ ᠡᠵᠡᠩᠨᠡᠯᠲᠡ ᠶᠢᠨ ᠳᠠᠩᠰᠠᠯᠠᠨ ᠲᠡᠮᠲᠡᠭᠯᠡᠬᠦ ᠭᠡᠷᠡᠴᠢ ᠭᠦᠢᠴᠡᠳᠭᠡᠵᠦ ᠥᠭᠬᠦ ᠶᠢ ᠬᠠᠷᠢᠭᠤᠴᠠᠨ᠎ᠠ᠃
     ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠨᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠢᠶᠠᠷ ᠳᠠᠮᠵᠢᠭᠠᠳ ᠤᠯᠤᠰ ᠤᠨ ᠲᠤᠳᠤᠭᠠᠲᠤ ᠶᠢᠨ ᠵᠠᠬ᠎ᠠ ᠳᠡᠯᠭᠡᠭᠦᠷ ᠲᠤ ᠣᠷᠤᠭᠤᠯᠵᠤ ᠬᠤᠶᠠᠳᠡᠬᠢ ᠠᠷᠠᠯᠵᠢᠶᠠᠯᠠᠬᠤ ᠲᠠᠸᠠᠷ ᠠᠴᠠ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠭᠠᠶᠢᠯᠢ ᠲᠠᠲᠠᠪᠤᠷᠢᠯᠠᠬᠤ ᠶᠢᠨ ᠬᠠᠮᠲᠤ ᠵᠣᠬᠢᠬᠤ ᠭᠡᠷᠡᠴᠢ ᠪᠠᠷᠢᠮᠲᠠ ᠭᠠᠷᠭᠠᠵᠤ ᠥᠭᠬᠦ ᠶᠢ ᠬᠠᠷᠢᠭᠤᠴᠠᠨ᠎ᠠ᠃
     ᠳᠥᠷᠪᠡᠳᠦᠭᠡᠷ ᠪᠦᠯᠦᠭ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠠᠬᠢ ᠲᠠᠸᠠᠷ ᠤᠨ ᠬᠠᠮᠢᠶᠠᠷᠤᠯᠲᠠ
     ᠶᠢᠰᠦᠳᠦᠭᠡᠷ ᠵᠦᠢᠯ
ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠳᠠᠬᠢ ᠭᠠᠳᠠᠭᠠᠲᠤ ᠠᠴᠠ ᠣᠷᠣᠭᠤᠯᠬᠤ ᠲᠠᠸᠠᠷ ᠢ ᠪᠣᠯ ᠲᠤᠭ᠎ᠠ ᠶᠢ ᠨᠢ ᠬᠢᠵᠠᠭᠠᠷᠯᠠᠬᠤ ᠪᠠ ᠬᠡᠮᠵᠢᠶ᠎ᠡ ᠶᠢ ᠨᠢ ᠬᠢᠵᠠᠭᠠᠷᠯᠠᠬᠤ ᠭᠡᠵᠦ ᠬᠤᠶᠠᠷ ᠲᠦᠷᠦᠯ ᠬᠤᠪᠢᠶᠠᠨ᠎ᠠ᠃ ᠲᠤᠭ᠎ᠠ ᠶᠢ ᠨᠢ ᠬᠢᠵᠠᠭᠠᠷᠯᠠᠬᠤ ᠲᠠᠸᠠᠷ ᠭᠡᠳᠡᠭ ᠨᠢ ᠤᠯᠤᠰ ᠤᠨ ᠲᠣᠭᠲᠠᠭᠠᠯ ᠢ ᠦᠨᠳᠦᠰᠦᠯᠡᠨ ᠬᠦᠮᠦᠨ ᠪᠦᠷᠢ ᠡᠳᠦᠷ ᠲᠤ ᠠᠷᠠᠳ ᠤᠨ ᠵᠤᠭᠤᠰ ᠢᠶᠠᠷ 8000 ᠲᠦᠭᠦᠷᠢᠭ ᠤᠨ ᠬᠡᠮᠵᠢᠶ᠎ᠠ ᠪᠠᠷ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠬᠦᠷᠲᠡᠭᠡᠬᠦ ᠲᠠᠸᠠᠷ ᠢ ᠵᠢᠭᠠᠵᠤ ᠪᠣᠢ︔ ᠬᠡᠮᠵᠢᠶ᠎ᠡ ᠶᠢ ᠨᠢ ᠬᠢᠵᠠᠭᠠᠷᠯᠠᠬᠤ ᠲᠠᠸᠠᠷ ᠭᠡᠳᠡᠭ ᠨᠢ ︽ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠠᠬᠢ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠲᠠᠸᠠᠷ ᠤᠨ ᠭᠠᠶᠢᠯᠢ ᠠᠴᠠ ᠦᠯᠦ ᠬᠡᠯᠲᠦᠷᠢᠭᠦᠯᠬᠦ ᠨᠠᠷᠢᠨ ᠬᠠᠭᠤᠳᠠᠰᠤ ᠶᠢᠨ ᠲᠣᠬᠠᠢ ᠡᠳ᠋ ᠤᠨ ᠵᠠᠰᠠᠭ ᠤᠨ ᠶᠠᠮᠦᠨ᠂ ᠪᠤᠭᠤᠮᠲᠠ ᠶᠢᠨ ᠶᠡᠷᠦᠩᠬᠡᠢ ᠵᠠᠬᠢᠷᠭ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠮᠡᠳᠡᠭᠳᠡᠯ︾ ︵ᠡᠳ᠋ ᠪᠤᠭᠤᠮᠲᠠ ᠭᠠᠶᠢᠯᠢ ﹇2010﹈ 18 ᠳ᠋ᠤᠭᠠᠷ ᠲᠣᠭᠠᠲᠤ︶ ᠳᠤ ᠣᠷᠤᠭᠤᠯᠵᠤ ᠪᠣᠯᠬᠤ ᠬᠦᠨᠳᠦ ᠶᠢᠨ ᠬᠡᠮᠵᠢᠶ᠎ᠡ ᠲᠠᠢ ᠪᠠᠶᠢᠬᠤ ᠶᠢᠨ ᠬᠠᠮᠲᠤ᠂ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠬᠦᠷᠲᠡᠭᠡᠬᠦ ᠶᠢ ᠨᠢ ᠲᠤᠳᠤᠷᠬᠠᠢ ᠵᠢᠭᠰᠠᠭᠠᠭᠰᠠᠨ ᠲᠠᠸᠠᠷ ᠢ ᠵᠢᠭᠠᠵᠤ ᠪᠣᠢ᠃
     ᠠᠷᠪᠠᠳᠤᠭᠠᠷ ᠵᠦᠢᠯ ᠡᠳ᠋ ᠪᠤᠭᠤᠮᠲᠠ ᠭᠠᠶᠢᠯᠢ ﹇2010﹈ 18 ᠳ᠋ᠤᠭᠠᠷ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠤᠭᠠᠷ᠂ ᠭᠠᠶᠢᠯᠢ ᠠᠴᠠ ᠦᠯᠦ ᠬᠡᠯᠲᠦᠷᠢᠭᠦᠯᠬᠦ ᠭᠠᠳᠠᠭᠠᠲᠤ ᠠᠴᠠ ᠣᠷᠤᠭᠤᠯᠬᠤ ᠲᠠᠸᠠᠷ ᠢ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠤ ᠠᠷᠠᠯᠵᠢᠶᠠᠯᠠᠬᠤ ᠠᠷᠭ᠎ᠠ ᠬᠡᠯᠪᠡᠷᠢ ᠪᠠᠷ ᠭᠠᠳᠠᠭᠠᠲᠤ ᠠᠴᠠ ᠣᠷᠤᠭᠤᠯᠵᠤ ᠪᠣᠯᠬᠤ ᠦᠭᠡᠢ᠂ ᠭᠠᠳᠠᠭᠠᠲᠤ ᠳᠤ ᠭᠠᠷᠭᠠᠬᠤ ᠪᠠᠷ ᠪᠤᠭᠤᠮᠲᠠ ᠶᠢᠨ ᠭᠠᠶᠢᠯᠢ ᠲᠠᠲᠠᠪᠤᠷᠢᠯᠠᠬᠤ ᠲᠠᠸᠠᠷ ᠢ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠤ ᠠᠷᠠᠯᠵᠢᠶᠠᠯᠠᠬᠤ ᠠᠷᠭ᠎ᠠ ᠬᠡᠯᠪᠡᠷᠢ ᠪᠠᠷ ᠭᠠᠳᠠᠭᠠᠲᠤ ᠳᠤ ᠭᠠᠷᠭᠠᠵᠤ ᠪᠣᠯᠬᠤ ᠦᠭᠡᠢ᠃
     ᠪᠤᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ᠂ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠪᠠᠷ ᠭᠠᠳᠠᠭᠠᠲᠣ ᠠᠴᠠ ᠣᠷᠤᠭᠤᠯᠬᠤ ᠲᠠᠸᠠᠷ ᠲᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠠᠬᠢ ᠲᠠᠸᠠᠷ ᠤᠨ ᠭᠠᠶᠢᠯᠢ ᠠᠴᠠ ᠦᠯᠦ ᠬᠡᠯᠲᠦᠷᠢᠭᠦᠯᠬᠦ ᠨᠠᠷᠢᠨ ᠬᠠᠭᠤᠳᠠᠰᠤ ᠪᠣᠯᠣᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠶᠠᠮᠠᠷᠪᠠ ᠬᠡᠯᠪᠡᠷᠢ ᠶᠢᠨ ᠲᠠᠸᠠᠷ ᠤᠨ ᠭᠠᠷᠴᠠᠭ ᠢ ᠲᠣᠭᠲᠠᠭᠠᠬᠤ ᠪᠠ ᠬᠡᠷᠡᠭᠵᠢᠭᠦᠯᠵᠦ ᠪᠣᠯᠬᠤ ᠦᠭᠡᠢ᠂ ᠲᠠᠸᠠᠷ ᠤᠨ ᠬᠡᠪᠴᠢᠶ᠎ᠡ ᠶᠢ ᠪᠠᠭᠠᠰᠬᠠᠬᠤ ᠠᠴᠠ ᠰᠡᠷᠭᠡᠶᠢᠯᠡᠬᠦ ᠬᠡᠷᠡᠭᠲᠡᠢ᠃ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠨᠢ ᠤᠯᠠᠷᠢᠯ ᠪᠣᠯᠭᠠᠨ ᠳᠤ ᠭᠠᠳᠠᠭᠠᠲᠤ ᠠᠴᠠ ᠠᠩᠬ᠎ᠠ ᠤᠳᠠᠭ᠎ᠠ ᠣᠷᠤᠭᠤᠯᠵᠤ ᠪᠠᠶᠢᠭ᠎ᠠ ᠲᠠᠸᠠᠷ ᠢ ᠬᠤᠷᠢᠶᠠᠩᠭᠤᠶᠢᠯᠠᠬᠤ ᠶᠢᠨ ᠬᠠᠮᠲᠤ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠠᠬᠤᠢ ᠲᠠᠯᠠᠪᠤᠷ ᠤᠨ ᠬᠢᠨᠠᠨ ᠬᠠᠮᠢᠶᠠᠷᠬᠤ ᠪᠤᠭᠤᠮᠲᠠ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃
     ᠠᠷᠪᠠᠨ ᠨᠢᠭᠡᠳᠦᠭᠡᠷ ᠵᠦᠢᠯ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠪᠠᠷ ᠳᠠᠮᠵᠢᠵᠤ ᠬᠢᠯᠢ ᠶᠢᠨ ᠠᠷᠠᠳ ᠤᠨ ᠭᠠᠳᠠᠭᠠᠳᠤ ᠠᠴᠠ ᠣᠷᠤᠭᠤᠯᠬᠤ ᠲᠠᠸᠠᠷ ᠢ ᠪᠣᠯ᠂ ᠦᠪᠡᠷᠲᠡᠭᠡᠨ ᠵᠠᠰᠠᠬᠤ ᠣᠷᠣᠨ ᠤ ᠬᠥᠷᠰᠢ ᠵᠡᠷᠭᠡᠯᠡᠳᠡᠭᠡ ᠤᠯᠤᠰ ︵ᠣᠷᠣᠰ᠂ ᠮᠤᠩᠭᠤᠯ ᠤᠯᠤᠰ︶ ᠤᠨ ᠦᠢᠯᠡᠳᠪᠦᠷᠢᠯᠡᠭᠰᠡᠨ ᠬᠢᠯᠢ ᠶᠢᠨ ᠠᠷᠠᠳ ᠤᠨ ᠬᠡᠷᠡᠭᠰᠡᠬᠦ ᠠᠮᠢᠳᠤᠷᠠᠯ ᠤᠨ ᠲᠠᠸᠠᠷ ᠤᠨ ᠬᠡᠪᠴᠢᠶᠡᠨ ᠳᠤ ᠬᠢᠵᠠᠭᠠᠷᠯᠠᠵᠤ᠂ ᠬᠦᠮᠦᠨ ᠪᠦᠷᠢ ᠡᠳᠦᠷ ᠲᠤ ᠠᠷᠠᠳ ᠤᠨ ᠵᠤᠭᠤᠰ ᠢᠶᠠᠷ 8000 ᠲᠦᠭᠦᠷᠢᠭ ᠠᠴᠠ ᠳᠤᠭᠤᠭᠰᠢᠬᠢ ᠦᠨ᠎ᠡ ᠥᠷᠲᠡᠭ ᠲᠠᠢ ᠲᠠᠸᠠᠷ ᠲᠤ ᠪᠣᠯ᠂ ᠭᠠᠳᠠᠭᠠᠲᠤ ᠠᠴᠠ ᠣᠷᠤᠭᠤᠯᠬᠤ ᠪᠤᠭᠤᠮᠲᠠ ᠶᠢᠨ ᠭᠠᠶᠢᠯᠢ ᠪᠣᠯᠣᠨ ᠭᠠᠳᠠᠭᠠᠲᠤ ᠠᠴᠠ ᠣᠷᠤᠭᠤᠯᠬᠤ ᠭᠤᠭᠴᠤᠭ᠎ᠠ ᠶᠢᠨ ᠭᠠᠶᠢᠯᠢ ᠶᠢ ᠨᠢ ᠬᠡᠯᠲᠦᠷᠢᠭᠦᠯᠬᠦ ᠬᠡᠷᠡᠭᠲᠡᠢ︔ ᠬᠦᠮᠦᠨ ᠪᠦᠷᠢ ᠡᠳᠦᠷ ᠲᠤ ᠠᠷᠠᠳ ᠤᠨ ᠵᠤᠭᠤᠰ ᠢᠶᠠᠷ 8000 ᠲᠦᠭᠦᠷᠢᠭ ᠢ ᠳᠠᠪᠠᠭᠰᠠᠨ ᠦᠨ᠎ᠡ ᠥᠷᠲᠡᠭ ᠲᠠᠢ ᠲᠠᠸᠠᠷ ᠲᠤ ᠪᠣᠯ᠂ ᠳᠠᠪᠠᠭᠰᠠᠨ ᠬᠡᠰᠡᠭ ᠠᠴᠠ ᠨᠢ ᠭᠠᠳᠠᠭᠠᠲᠤ ᠠᠴᠠ ᠣᠷᠤᠭᠤᠯᠬᠤ ᠪᠤᠭᠤᠮᠲᠠ ᠶᠢᠨ ᠭᠠᠶᠢᠯᠢ ᠪᠣᠯᠣᠨ ᠭᠠᠳᠠᠭᠠᠲᠤ ᠠᠴᠠ ᠣᠷᠤᠭᠤᠯᠬᠤ ᠭᠤᠭᠴᠤᠭ᠎ᠠ ᠶᠢᠨ ᠭᠠᠶᠢᠯᠢ ᠶᠢ ᠲᠣᠭᠲᠠᠭᠠᠯ ᠶᠤᠰᠤᠭᠠᠷ ᠲᠠᠲᠠᠪᠤᠷᠢᠯᠠᠬᠤ ᠬᠡᠷᠡᠭᠲᠡᠢ᠃ ᠳᠤᠮᠳᠠᠳᠤ ᠤᠯᠤᠰ ᠤᠨ ᠠᠶᠠᠨᠴᠢᠳ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠦᠴᠢᠷ ᠢᠶᠠᠷ ᠵᠥᠪᠰᠢᠶᠡᠷᠡᠭᠦᠯᠦᠭᠡᠳ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ︵ᠴᠡᠭ︶ ᠢᠶᠠᠷ ᠣᠷᠤᠵᠤ ᠭᠠᠷᠬᠤ ᠳᠤ᠂ ᠪᠤᠭᠤᠮᠲᠠ ᠶᠢᠨ ᠬᠢᠨ ᠬᠢᠯᠢ ᠬᠢᠵᠠᠭᠠᠷ ᠤᠨ ᠰᠠᠭᠤᠭᠠᠯᠢ ᠠᠷᠠᠳ ᠤᠨ ᠣᠷᠤᠵᠤ ᠭᠠᠷᠬᠤ ᠳᠤ ᠬᠢᠵᠠᠭᠠᠷᠯᠠᠬᠤ ᠡᠳ᠋ ᠪᠣᠳᠠᠰ ᠤᠨ ᠬᠡᠮᠵᠢᠶ᠎ᠡ ᠪᠠᠷ ᠡᠵᠡᠮᠰᠢᠵᠦ

ᠪᠣᠯᠣᠨ᠎ᠠ᠃
     ᠠᠷᠪᠠᠨ ᠬᠤᠶᠠᠳᠤᠭᠠᠷ ᠵᠦᠢᠯ ᠤᠯᠤᠰ ᠠᠴᠠ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠶᠢ ᠴᠠᠭᠠᠵᠠᠯᠠᠭᠰᠠᠨ ᠪᠠ ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠭᠰᠠᠨ ᠲᠠᠸᠠᠷ ᠢ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠪᠠᠷ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠵᠤ ᠪᠣᠯᠬᠤ ᠦᠭᠡᠢ︔ ᠤᠯᠤᠰ ᠠᠴᠠ ᠬᠢᠵᠠᠭᠠᠷᠯᠠᠭᠰᠠᠨ ᠪᠠ ᠵᠥᠪᠰᠢᠶᠡᠷᠡᠯ ᠤᠨ ᠦᠨᠡᠮᠯᠡᠯ ᠢᠶᠠᠷ ᠬᠠᠮᠢᠶᠠᠷᠬᠤ ᠶᠢ ᠬᠡᠷᠡᠭᠵᠢᠭᠦᠯᠦᠭᠰᠡᠨ ᠲᠠᠸᠠᠷ ᠢ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠪᠠᠷ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠳᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠭᠦᠢᠴᠡᠳᠭᠡᠨ᠎ᠡ︔ ᠬᠡᠮᠵᠢᠶ᠎ᠡ ᠶᠢ ᠨᠢ ᠬᠢᠵᠠᠭᠠᠷᠯᠠᠭᠰᠠᠨ ᠲᠠᠸᠠᠷ ᠢ ᠬᠢᠵᠠᠭᠠᠷᠯᠠᠭᠰᠠᠨ ᠬᠡᠪᠴᠢᠶ᠎ᠡ ᠲᠠᠢ ᠪᠠᠷ ᠭᠠᠳᠠᠭᠠᠲᠤ ᠠᠴᠠ ᠣᠷᠤᠭᠤᠯᠬᠤ ᠳᠤ ᠵᠥᠪᠰᠢᠶᠡᠷᠡᠯ ᠤᠨ ᠦᠨᠡᠮᠯᠡᠯ ᠲᠤᠰᠢᠶᠠᠬᠤ ᠦᠭᠡᠢ ᠪᠠᠶᠢᠵᠤ ᠪᠣᠯᠣᠨ᠎ᠠ᠃
     ᠲᠠᠪᠤᠳᠤᠭᠠᠷ ᠪᠦᠯᠦᠭ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠠᠬᠢ ᠬᠦᠮᠦᠰ ᠤᠨ ᠬᠠᠮᠢᠶᠠᠷᠤᠯᠲᠠ
     ᠠᠷᠪᠠᠨ ᠭᠤᠷᠪᠠᠳᠤᠭᠠᠷ ᠵᠦᠢᠯ
ᠦᠪᠡᠷᠲᠡᠭᠡᠨ ᠵᠠᠰᠠᠬᠤ ᠣᠷᠣᠨ ᠤ ᠬᠥᠷᠰᠢ ᠵᠡᠷᠭᠡᠯᠡᠳᠡᠭᠡ ᠤᠯᠤᠰ ᠤᠨ ᠬᠢᠯᠢ ᠶᠢᠨ ᠠᠷᠠᠳ ᠨᠢ ᠬᠢᠯᠢ ᠪᠠᠷ ᠣᠷᠤᠵᠤ ᠭᠠᠷᠬᠤ ᠬᠤᠪᠢ ᠶᠢᠨ ᠬᠦᠴᠦᠨ ᠲᠠᠢ ᠦᠨᠡᠮᠯᠡᠯ ᠢᠶᠠᠷ ᠢᠶᠠᠨ ᠬᠠᠤᠯᠢ ᠶᠤᠰᠤᠭᠠᠷ ᠲᠡᠮᠲᠡᠭᠯᠡᠭᠦᠯᠦᠭᠰᠡᠨ ᠤ ᠳᠠᠷᠠᠭ᠎ᠠ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠦᠪᠡᠰᠦᠪᠡᠨ ᠡᠵᠡᠩᠨᠡᠯᠲᠡ ᠬᠢᠵᠦ ᠪᠣᠯᠣᠨ᠎ᠠ᠂ ᠪᠠᠰᠠ ᠬᠥᠷᠰᠢ ᠵᠡᠷᠭᠡᠯᠡᠳᠡᠭᠡ ᠤᠯᠤᠰ ᠤᠨ ᠠᠷᠠᠳ ᠢᠷᠭᠡᠳ ᠪᠤᠶᠤ ᠳᠤᠮᠳᠠᠳᠤ ᠤᠯᠤᠰ ᠤᠨ ᠠᠷᠠᠳ ᠢᠷᠭᠡᠳ ᠲᠤ ᠨᠠᠶᠢᠳᠠᠵᠤ ᠪᠠᠶᠢᠭᠠᠳ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠡᠵᠡᠩᠨᠡᠯᠲᠡ ᠬᠢᠵᠦ ᠪᠣᠯᠣᠨ᠎ᠠ᠃ ᠳᠤᠮᠳᠠᠳᠤ ᠤᠯᠤᠰ ᠤᠨ ᠡᠷᠦᠬᠡ ᠠᠮᠠ ᠲᠠᠢ ᠬᠢᠯᠢ ᠶᠢᠨ ᠠᠷᠠᠳ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠣᠴᠢᠵᠤ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠬᠢᠬᠦ ᠶᠢᠨ ᠵᠥᠪᠰᠢᠶᠡᠷᠡᠨ ᠣᠷᠤᠭᠤᠯᠬᠤ ᠠᠷᠭ᠎ᠠ ᠬᠡᠯᠪᠡᠷᠢ ᠶᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠠᠴᠠ ᠪᠤᠳᠠᠳᠤ ᠪᠠᠶᠢᠳᠠᠯ ᠢᠶᠠᠨ ᠦᠨᠳᠦᠰᠦᠯᠡᠵᠦ ᠦᠪᠡᠰᠦᠪᠡᠨ ᠲᠣᠭᠲᠠᠭᠠᠬᠤ

ᠬᠡᠷᠡᠭᠲᠡᠢ᠃
     ᠠᠷᠪᠠᠨ ᠳᠥᠷᠪᠡᠳᠦᠭᠡᠷ ᠵᠦᠢᠯ ᠬᠤᠶᠠᠷ ᠲᠠᠯ᠎ᠠ ᠶᠢᠨ ᠬᠢᠯᠢ ᠶᠢᠨ ᠠᠷᠠᠳ ᠪᠣᠯᠣᠨ ᠠᠵᠤ ᠠᠬᠤᠶᠢᠯᠠᠯ ᠤᠳ ᠲᠠᠸᠠᠷ ᠢᠶᠠᠨ ᠠᠪᠴᠤ ᠶᠠᠪᠤᠬᠤ ᠪᠤᠶᠤ ᠲᠡᠭᠡᠭᠡᠪᠦᠷᠢᠯᠡᠭᠡᠳ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠣᠷᠤᠬᠤ ᠳᠤ ᠪᠠᠨ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠠᠬᠤᠢ ᠲᠠᠯᠠᠪᠤᠷ ᠤᠨ ᠬᠢᠨᠠᠨ ᠬᠠᠮᠢᠶᠠᠷᠬᠤ ᠪᠤᠭᠤᠮᠲᠠ ᠳᠤ ᠲᠠᠸᠠᠷ ᠤᠨ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ᠂ ᠬᠦᠨᠳᠦ ᠶᠢᠨ ᠬᠡᠮᠵᠢᠶ᠎ᠡ ᠪᠣᠯᠣᠨ ᠵᠤᠭᠤᠰᠤᠨ ᠤ ᠲᠤᠭ᠎ᠠ ᠪᠠᠨ ᠦᠨᠡᠨ ᠪᠣᠲᠠᠲᠠᠢ ᠪᠠᠷ ᠭᠤᠶᠤᠴᠢᠯᠠᠨ ᠮᠡᠳᠡᠭᠦᠯᠬᠦ ᠶᠢᠨ ᠬᠠᠮᠲᠤ᠂ ᠬᠢᠨᠠᠯᠲᠠ ᠬᠠᠮᠢᠶᠠᠷᠤᠯᠲᠠ ᠪᠣᠯᠣᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃
     ᠠᠷᠪᠠᠨ ᠲᠠᠪᠤᠳᠤᠭᠠᠷ ᠵᠦᠢᠯ ᠬᠢᠯᠢ ᠶᠢᠨ ᠠᠷᠠᠳ ᠨᠢ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠬᠤᠷᠰᠢᠶᠠᠯᠠᠯ ᠪᠤᠶᠤ ᠬᠠᠷᠢᠯᠴᠠᠨ ᠲᠤᠰᠠᠯᠠᠯᠴᠠᠬᠤ ᠳᠤᠭᠤᠶᠢᠯᠠᠩ ᠢ ᠪᠠᠶᠢᠭᠤᠯᠵᠤ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠲᠠᠢ ᠤᠶᠠᠯᠳᠤᠭᠤᠯᠤᠨ᠂ ᠬᠠᠮᠲᠤᠷᠠᠯᠴᠠᠵᠤ ᠬᠠᠷᠢᠯᠴᠠᠨ ᠲᠤᠰᠠᠯᠠᠯᠴᠠᠬᠤ ᠬᠡᠯᠪᠡᠷᠢ ᠪᠠᠷ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠦᠷᠨᠢᠭᠦᠯᠵᠦ ᠪᠣᠯᠣᠨ᠎ᠠ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠲᠠᠬᠢ ᠪᠦᠲᠦᠭᠡᠭᠳᠡᠭᠦᠨ ᠢ ᠣᠷᠣᠨ ᠤ ᠭᠠᠳᠠᠨ᠎ᠠ ᠡᠳ᠋ᠰᠢᠭᠦᠯᠬᠦ ᠶᠢ ᠵᠥᠪᠰᠢᠶᠡᠷᠡᠨ᠂ ᠬᠢᠯᠢ ᠬᠢᠵᠠᠭᠠᠷ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠤᠳᠤᠭᠠᠲᠤ ᠬᠦᠳᠡᠯᠭᠡᠬᠦ ᠬᠦᠴᠦᠨ ᠢ ᠳᠡᠭᠡᠭᠰᠢᠯᠡᠭᠦᠯᠵᠦ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠪᠦᠲᠦᠭᠡᠭᠳᠡᠭᠦᠨ ᠢ ᠡᠳ᠋ᠰᠢᠭᠦᠯᠬᠦ ᠠᠵᠢᠯ ᠢᠶᠠᠨ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠦᠷᠨᠢᠭᠦᠯᠬᠦ ᠬᠡᠷᠡᠭᠲᠡᠢ᠃ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠬᠤᠷᠰᠢᠶᠠᠯᠠᠯ ᠪᠤᠶᠤ ᠬᠠᠷᠢᠯᠴᠠᠨ ᠲᠤᠰᠠᠯᠠᠯᠴᠠᠬᠤ ᠳᠤᠭᠤᠶᠢᠯᠠᠩ ᠤᠨ ᠬᠠᠮᠢᠶᠠᠷᠤᠯᠲᠠ ᠶᠢ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠠᠴᠠ ᠬᠠᠷᠢᠭᠤᠴᠠᠨ᠎ᠠ᠃
     ᠵᠢᠷᠭᠤᠳᠤᠭᠠᠷ ᠪᠦᠯᠦᠭ ᠵᠠᠬ᠎ᠠ ᠳᠡᠯᠭᠡᠭᠦᠷ ᠤᠨ ᠠᠳᠠᠯ ᠠᠬᠤᠢ ᠶᠢᠨ ᠬᠠᠮᠢᠶᠠᠷᠤᠯᠲᠠ
     ᠠᠷᠪᠠᠨ ᠵᠢᠷᠭᠤᠳᠤᠭᠠᠷ ᠵᠦᠢᠯ
ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠨᠢ ᠬᠤᠯᠪᠣᠭᠳᠠᠯ ᠪᠦᠬᠦᠢ ᠪᠠᠶᠢᠭᠤᠯᠤᠮᠵᠢ ᠳᠤ ᠨᠠᠶᠢᠳᠠᠵᠤ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ ᠪᠣᠯᠣᠨ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠵᠢᠯᠤᠭᠤᠳᠤᠯᠭ᠎ᠠ ᠳᠣᠣᠷ᠎ᠠ᠂ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠲᠠᠬᠢ ᠠᠳᠠᠯ ᠠᠬᠤᠢ ᠶᠢᠨ ᠬᠠᠮᠢᠶᠠᠷᠤᠯᠲᠠ ᠶᠢ ᠬᠠᠷᠢᠭᠤᠴᠠᠨ ᠰᠠᠶᠢᠲᠤᠷ ᠬᠢᠵᠦ᠂ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ ᠪᠣᠯᠬᠤ ᠶᠢᠨ ᠬᠠᠮᠲᠤ᠂ ᠵᠣᠬᠢᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃
     ᠳᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ
     ᠠᠷᠪᠠᠨ ᠳᠤᠯᠤᠳᠤᠭᠠᠷ ᠵᠦᠢᠯ
ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠠᠷᠭ᠎ᠠ ᠶᠢ ᠦᠨᠳᠦᠰᠦᠯᠡᠵᠦ ᠪᠣᠲᠠᠲᠠᠢ ᠠᠵᠢᠯᠯᠠᠵᠤ ᠬᠡᠷᠡᠭᠵᠢᠭᠦᠯᠬᠦ ᠳᠦᠷᠢᠮᠯᠡᠯ ᠢ ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠤᠭᠰᠠᠨ ᠤ ᠳᠠᠷᠠᠭ᠎ᠠ ᠨᠡᠶᠢᠲᠡᠯᠡᠵᠦ᠂ ᠲᠤᠰ ᠠᠷᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃
     ᠠᠷᠪᠠᠨ ᠨᠠᠢᠮᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠠᠷᠠᠯᠵᠢᠶᠠᠨ ᠤ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ︵ᠲᠣᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2017﹈ 38 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃
                                       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ