| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠤᠨ ᠦᠨᠳᠦᠰᠦᠨ ᠡᠮᠴᠢᠯᠡᠭᠡᠨ ᠤ | ᠦᠢᠯᠡᠴᠢᠯᠡᠭᠡ ᠶᠢᠨ ᠪᠣᠯᠣᠮᠵᠢᠲᠤ ᠴᠢᠨᠠᠷ ᠶᠡᠭᠡ ᠪᠠᠷ ᠨᠡᠮᠡᠭᠳᠡᠵᠦ ᠪᠠᠶᠢᠭ᠎ᠠ ᠪᠣᠯᠪᠠᠴᠤ ᠴᠢᠨᠠᠷ ᠰᠠᠶᠢᠲᠠᠶ ᠡᠬᠢ ᠪᠠᠶᠠᠯᠢᠭ ᠤᠨ | ᠬᠤᠮᠰᠠᠳᠠᠯ᠂ ᠲᠠᠷᠬᠠᠯᠲᠠ ᠨᠢ ᠲᠡᠭᠰᠢ ᠪᠤᠰᠤ᠂ ᠪᠦᠲᠦᠴᠡ ᠨᠢ ᠵᠣᠬᠢᠰ ᠥᠬᠡᠶ ᠠᠴᠠ ᠪᠣᠯᠵᠤ᠂ ︽ᠡᠪᠡᠳᠴᠢᠨ | ᠦᠵᠡᠭᠦᠯᠬᠦ ᠳᠤ ᠬᠦᠴᠢᠷᠲᠡᠶ︾ ᠪᠠᠶᠢᠬᠤ ᠨᠢ ᠭᠤᠤᠯᠳᠠᠭᠤ ᠣᠯᠠᠨ ᠲᠦᠮᠡᠨ ᠣᠷᠣᠨ ᠤ ᠲᠤᠳᠤᠨ᠎ᠠ ᠭᠠᠳᠠᠨᠠᠬᠢ ᠲᠣᠮᠣ | ᠬᠤᠲᠠ ᠶᠢᠨ ᠲᠣᠮᠣ ᠡᠮᠨᠡᠯᠭᠡ ᠶᠢᠨ ᠬᠤᠷᠢᠶ᠎ᠠ ᠳᠤ ᠬᠦᠷᠴᠦ ᠲᠤᠰᠬᠠᠶ ᠮᠡᠷᠭᠡᠵᠢᠯᠲᠡᠨ ᠡᠮᠴᠢ ᠶᠢ ᠪᠣᠯᠵᠣᠬᠤ ᠳᠤ | ᠬᠦᠴᠢᠷᠲᠡᠶ ᠪᠠᠶᠢᠨ᠎ᠠ᠃ ᠡᠨᠡ ᠵᠢᠯ ᠥᠪᠥᠷ ᠮᠣᠩᠭᠤᠯ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠣᠯᠠᠨ | ᠲᠠᠯ᠎ᠠ ᠠᠴᠠ ᠬᠦᠴᠦᠯᠡᠨ ᠰᠢᠢᠳᠪᠦᠷᠢᠯᠡᠬᠦ ᠪᠠᠷ ᠪᠠᠢᠨ᠎ᠠ᠃ | ᠡᠨᠡ ᠵᠢᠯ ᠥᠪᠥᠷ ᠮᠣᠩᠭᠤᠯ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠡᠪᠡᠳᠴᠢᠨ ᠦᠵᠡᠭᠦᠯᠬᠦ ᠳᠤ | ᠬᠤᠰᠢᠭᠤ ᠰᠢᠶᠠᠨ ᠠᠴᠠ ᠪᠠᠨ ᠭᠠᠷᠬᠤ ᠦᠭᠡᠢ ᠪᠠᠶᠢᠬᠤ ᠶᠢ ᠠᠬᠢᠭᠤᠯᠤᠨ᠎ᠠ᠃ ᠥᠪᠥᠷ ᠮᠣᠩᠭᠤᠯ ᠬᠤᠰᠢᠭᠤ ᠰᠢᠶᠠᠨ ᠤ | ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ ᠰᠠᠯᠠᠭᠠᠨ ᠤ ᠲᠥᠷᠥᠯ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ | ᠭᠤᠣᠯᠯᠠᠬᠤ ᠲᠤᠰᠬᠠᠢ ᠡᠮᠨᠡᠯᠭᠡ ᠶᠢᠨ ᠪᠠᠢᠭᠤᠯᠤᠯᠲᠠ ᠶᠢ ᠴᠢᠩᠭᠠᠳᠬᠠᠨ᠂ ᠦᠮᠠᠨ᠂ ᠵᠢᠷᠦᠬᠡ ᠲᠠᠷᠢᠬᠢᠨ ᠰᠤᠳᠠᠯ ᠤᠨ | ᠡᠪᠡᠳᠴᠢᠨ᠂ ᠬᠠᠯᠳᠠᠪᠤᠷᠢᠲᠤ ᠴᠢᠨᠠᠷᠲᠠᠢ ᠡᠪᠡᠳᠴᠢᠨ ᠵᠡᠷᠭᠡ ᠶᠢ ᠣᠨᠣᠰᠢᠯᠠᠨ ᠡᠮᠨᠡᠬᠦ ᠴᠢᠳᠠᠪᠤᠷᠢ ᠶᠢ ᠭᠤᠣᠯᠳᠠᠯᠭ᠎ᠠ ᠲᠠᠢ | ᠳᠡᠭᠡᠭᠰᠢᠯᠡᠭᠦᠯᠵᠦ᠂ ᠬᠤᠰᠢᠭᠤ ᠰᠢᠶᠠᠨ ᠤ ᠶᠡᠷᠦᠩᠬᠡᠶᠢᠯᠡᠭᠰᠡᠨ 90% ᠶᠢᠨ ᠡᠮᠨᠡᠯᠭᠡ ᠶᠢᠨ ᠬᠤᠷᠢᠶ᠎ᠠ ᠶᠢ ᠦᠨᠳᠦᠰᠦᠨ | ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠵᠤ᠂ ᠨᠡᠯᠢᠶᠡᠳ ᠥᠨᠳᠥᠷ ᠦᠢᠯᠡᠴᠢᠯᠡᠭᠡᠨ ᠤ ᠴᠢᠳᠠᠪᠤᠷᠢ ᠪᠣᠯᠣᠨ | ᠬᠠᠮᠢᠶᠠᠷᠤᠯᠲᠠ ᠶᠢᠨ ᠬᠢᠷᠢ ᠲᠦᠪᠰᠢᠨ ᠪᠦᠬᠦᠢ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ | ᠳᠡᠰ ᠤᠨ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠴᠢᠳᠠᠪᠤᠷᠢ ᠶᠢᠨ ᠱᠠᠭᠠᠷᠳᠠᠯᠭ᠎ᠠ ᠳᠤ ᠬᠦᠷᠦᠭᠦᠯᠬᠦ ᠶᠢ | ᠲᠦᠯᠬᠢᠨ ᠠᠬᠢᠭᠤᠯᠵᠤ᠂ ᠲᠠᠷᠢᠶᠠᠴᠢᠨ ᠮᠠᠯᠴᠢᠳ ᠤᠨ 90% ᠶᠢᠨ ᠡᠪᠡᠳᠴᠢᠨ ᠢ ᠰᠢᠶᠠᠨ ᠤ ᠬᠡᠪᠴᠢᠶᠠᠨ ᠳᠤ | ᠡᠮᠴᠢᠯᠡᠭᠦᠯᠬᠦ ᠪᠠᠷ ᠴᠢᠷᠮᠠᠶᠢᠨ᠎ᠠ᠃ | ᠡᠭᠦᠨ ᠤ ᠬᠠᠮᠲᠤ᠂ ᠥᠪᠥᠷ ᠮᠣᠩᠭᠤᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ | ᠡᠩᠨᠡᠭᠡ ᠶᠢᠨ ᠪᠠᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠭᠡᠨ ᠤ ᠰᠠᠯᠠᠭᠠᠨ ᠤ | ᠳᠠᠭᠠᠭᠤᠯᠤᠭᠴᠢ ᠶᠢ ᠬᠥᠮᠥᠵᠢᠭᠦᠯᠬᠦ ᠶᠢ ᠲᠦᠷᠭᠡᠳᠬᠡᠨ᠂ ︽ᠡᠮᠴᠢᠯᠡᠬᠦ ᠬᠥᠮᠥᠵᠢᠭᠦᠯᠬᠦ ᠶᠢ ᠵᠣᠬᠢᠴᠠᠭᠤᠯᠬᠤ︾ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠨ ᠦᠨᠳᠦᠰᠦᠨ ᠱᠠᠲᠤᠨ ᠤ | ᠪᠠᠢᠭᠤᠯᠤᠮᠵᠢ ᠳᠤ ᠭᠠᠪᠢᠶ᠎ᠠ ᠪᠠᠢᠭᠤᠯᠤᠨ ᠦᠢᠯᠡᠰ ᠪᠣᠰᠬᠠᠬᠤ ᠶᠢ ᠨᠢ ᠵᠣᠷᠢᠭᠵᠢᠭᠤᠯᠵᠤ᠂ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠠᠵᠢᠯ ᠤᠨ ᠣᠷᠴᠢᠨ ᠲᠣᠭᠤᠷᠢᠨ᠂ ᠬᠦᠯᠦᠰᠦ ᠣᠯᠭᠤᠮᠵᠢ᠂ ᠲᠤᠰᠬᠠᠶ ᠮᠡᠷᠭᠡᠵᠢᠯ ᠤᠨ | ᠬᠥᠭᠵᠢᠯᠲᠡ᠂ ᠡᠪᠡᠳᠴᠢᠨ ᠦᠵᠡᠭᠦᠯᠬᠦ ᠡᠮᠬᠢ ᠳᠢᠭᠯᠢᠮ ᠢ ᠬᠠᠮᠠᠭᠠᠯᠠᠬᠤ ᠵᠡᠷᠭᠡ ᠲᠠᠯ᠎ᠠ ᠪᠠᠷ ᠨᠠᠩ ᠰᠠᠶᠢᠨ ᠨᠥᠬᠦᠴᠡᠯ | ᠡᠭᠦᠳᠴᠦ᠂ ᠡᠮᠨᠡᠯᠭᠡ ᠶᠢᠨ ᠠᠵᠢᠯᠲᠠᠨ ᠢ ᠲᠠᠭᠠᠯᠠᠮᠵᠢᠲᠠᠢ᠂ ᠰᠠᠨᠠᠭ᠎ᠠ ᠰᠡᠳᠬᠢᠯ ᠲᠠᠶᠢᠪᠤᠭᠤ ᠪᠠᠷ ᠡᠪᠡᠳᠴᠢᠲᠠᠳ ᠲᠤ | ᠦᠢᠯᠡᠴᠢᠯᠡᠭᠦᠯᠦᠨ᠎ᠡ᠃ | ᠡᠭᠦᠨ ᠠᠴᠠ ᠭᠠᠳᠠᠨ᠎ᠠ᠂ ᠡᠨᠡ ᠵᠢᠯ ᠥᠪᠥᠷ ᠮᠣᠩᠭᠤᠯ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ | ᠵᠠᠩᠭᠢᠴᠢᠯᠠᠯᠲᠠ ᠶᠢᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ | ᠢᠨᠲ᠋ᠧᠷ ᠰᠦᠯᠵᠢᠶᠡᠨ ᠤ ᠡᠮᠴᠢᠯᠡᠭᠡ ᠵᠡᠷᠭᠡ ᠲᠥᠷᠥᠯ ᠵᠦᠢᠯ ᠢᠶᠠᠷ ᠭᠤᠤᠯᠳᠠᠯᠭ᠎ᠠ ᠪᠣᠯᠭᠠᠵᠤ᠂ ᠠᠢᠮᠠᠭ ᠬᠤᠲᠠ ᠶᠢᠨ | ᠣᠷᠣᠨ ᠪᠦᠰᠡ ᠶᠢᠨ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ | ᠪᠠᠢᠭᠤᠯᠤᠯᠲᠠ ᠶᠢ ᠪᠡᠶᠡᠯᠡᠭᠦᠯᠦᠨ᠎ᠡ᠃ ᠡᠯᠧᠺᠲᠷᠣᠨ ᠡᠷᠡᠭᠦᠯ ᠮᠡᠨᠳᠦ ᠶᠢᠨ ᠨᠣᠮᠧᠷ ᠢ ᠬᠡᠷᠡᠭᠯᠡᠬᠦ ᠲᠥᠯᠥᠪᠯᠡᠭᠡ ᠶᠢ ᠪᠤᠢ | ᠪᠦᠬᠦᠢ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠶᠠᠳᠠᠭᠤ | ᠬᠦᠴᠢᠷᠳᠡᠯᠲᠡᠶ ᠬᠥᠮᠥᠨ ᠠᠮᠠ ᠳᠤ ᠪᠦᠷᠬᠦᠭᠦᠯᠦᠨ᠎ᠡ᠃ ᠪᠥᠬᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ | ᠠᠯᠪᠠᠨ ᠠᠴᠠ ᠪᠠᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠨᠣᠮᠧᠷ ᠢᠶᠠᠷ ᠡᠪᠡᠳᠴᠢᠨ ᠦᠵᠡᠭᠦᠯᠬᠦ ᠶᠢ ᠪᠡᠶᠡᠯᠡᠭᠦᠯᠵᠦ᠂ | 80% ᠠᠴᠠ ᠳᠡᠭᠡᠭᠰᠢᠬᠢ ᠰᠠᠭᠤᠭᠠᠯᠢ ᠠᠷᠠᠳ ᠲᠤ ᠡᠯᠧᠺᠲᠷᠣᠨ ᠡᠷᠡᠭᠦᠯ ᠮᠡᠨᠳᠦ ᠶᠢᠨ ᠨᠣᠮᠧᠷ ᠲᠠᠢ ᠪᠣᠯᠭᠠᠬᠤ ᠪᠠᠷ | ᠴᠢᠷᠮᠠᠶᠢᠬᠤ ᠶᠢᠨ ᠬᠠᠮᠲᠤ ᠡᠪᠡᠳᠴᠢᠨ ᠦᠵᠡᠭᠦᠯᠬᠦ ᠺᠠᠷᠲ ᠢ ᠬᠦᠴᠦᠨ ᠥᠬᠡᠶ ᠪᠣᠯᠭᠠᠨ᠎ᠠ᠃ ᠥᠪᠥᠷ ᠮᠣᠩᠭᠤᠯ ᠪᠠᠰᠠ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠪᠣᠳᠠᠲᠠᠢ ᠨᠠᠷᠢᠯᠢᠭ ᠬᠢᠵᠦ᠂ ᠨᠠᠷᠢᠨ ᠨᠢᠭᠲᠠ ᠮᠠᠶ᠋ᠢᠭ ᠤᠨ | ᠡᠮᠴᠢ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠵᠤ᠂ ᠡᠮᠴᠢᠯᠡᠭᠡ ᠶᠢᠨ | ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ︽ᠡᠪᠡᠳᠴᠢᠨ | ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | | |