ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/2/21

     2 ᠳ᠋ᠤᠭᠠᠷ ᠰᠠᠷ᠎ᠠ ᠶᠢᠨ 19 ᠤ ᠡᠳᠦᠷ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠤ᠂ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠳᠤᠭᠤᠰᠢᠯᠠᠭᠤᠯᠵᠤ᠂ 2018 ᠣᠨ ᠤ ᠠᠵᠢᠯ ᠢ ᠳ᠋ᠦᠩᠨᠡᠵᠦ᠂ 2019 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠳᠠᠶᠢᠴᠢᠯᠠᠯ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ︔ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠠᠷᠢᠯᠭᠠᠬᠤ ᠰᠢᠪᠲᠤᠯᠤᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ︔ ᠵᠠᠬᠢᠳᠠᠯ ᠰᠤᠷᠪᠤᠯᠵᠢᠯᠠᠯ ᠤᠨ ᠡᠮᠬᠢ ᠳᠢᠭᠯᠢᠮ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ︔ ︽ᠹᠤᠩᠴᠢᠶᠤᠤ ᠶᠢᠨ ᠲᠤᠷᠰᠢᠯᠭ᠎ᠠ︾ ᠶᠢᠨ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ︔ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠴᠢᠳᠠᠪᠤᠷᠢ ᠪᠠ ᠬᠡᠪ ᠴᠢᠨᠠᠷ ᠢᠶᠠᠨ ᠳᠡᠭᠡᠭᠰᠢᠯᠡᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠦᠨᠡᠨ ᠬᠦ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ ᠨᠠᠮ ᠤᠨ ᠲᠥᠯᠥᠭᠡ ᠰᠠᠨᠠᠭᠠᠰᠢᠷᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠡᠢ᠃
     ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠤᠷᠳᠤᠰ ᠬᠤᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠵᠡᠷᠭᠡ ᠭᠠᠵᠠᠷ ᠣᠷᠣᠨ ᠪᠠ ᠨᠢᠭᠡᠴᠢ ᠵᠠᠬᠢᠳᠠᠯ ᠰᠤᠷᠪᠤᠯᠵᠢᠯᠠᠯ ᠤᠨ ᠠᠵᠢᠯ ᠤᠨ ᠨᠡᠶᠢᠲᠡᠯᠢᠭ ᠠᠷᠭ᠎ᠠ ᠲᠤᠷᠰᠢᠯᠭ᠎ᠠ ᠪᠠᠨ ᠰᠤᠯᠢᠯᠴᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ