ᠪᠦᠬᠦ ᠣᠷᠣᠨ ᠤ ᠠᠩᠬᠠᠳᠠᠭᠴᠢ ᠶᠠᠳᠠᠭᠤ ᠬᠦᠴᠢᠷᠳᠡᠯᠲᠡᠢ ᠬᠥᠳᠡᠭᠡ ᠲᠤᠰᠬᠤᠨ ᠢ ᠳᠡᠭᠡᠭᠰᠢᠯᠡᠭᠦᠯᠬᠦ ᠢᠨᠵᠧᠨᠧᠷᠢᠭ ᠤᠨ ᠶᠠᠳᠠᠭᠤ ᠶᠢ ᠲᠡᠳᠬᠦᠬᠦ ᠵᠢᠭᠡᠯᠡᠯᠭᠡ ᠶᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ ᠳᠤ ᠣᠯᠭᠤᠪᠠ
ᠨᠡᠶᠢᠲᠡᠯᠡᠭᠰᠡᠨ ᠴᠠᠭ᠄
2019/2/22
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠬᠥᠭᠵᠢᠯᠲᠡ ᠶᠢᠨ ᠪᠠᠩᠬᠢ ᠠᠴᠠ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ ᠳᠤ ᠪᠦᠬᠦ ᠣᠷᠣᠨ ᠤ ᠠᠩᠬᠠᠳᠠᠭᠴᠢ ᠶᠠᠳᠠᠭᠤ ᠬᠦᠴᠢᠷᠳᠡᠯᠲᠡᠢ ᠲᠤᠰᠬᠤᠨ ᠢ ᠳᠡᠭᠡᠭᠰᠢᠯᠡᠭᠦᠯᠬᠦ ᠢᠨᠵᠧᠨᠧᠷᠢᠭ ᠤᠨ ᠶᠠᠳᠠᠭᠤ ᠶᠢ ᠲᠡᠳᠬᠦᠬᠦ ᠣᠬᠤᠷ ᠬᠤᠭᠤᠴᠠᠭᠠᠲᠤ ᠵᠢᠭᠡᠯᠡᠯᠭᠡ ᠶᠢ 2.99 ᠳ᠋ᠥᠩᠰᠢᠭᠤᠷ ᠲᠦᠭᠦᠷᠢᠭ ᠣᠯᠭᠤᠪᠠ᠃ ᠲᠤᠰ ᠵᠢᠭᠡᠯᠡᠯᠭᠡ ᠨᠢ ᠪᠦᠬᠦ ᠣᠷᠣᠨ ᠤ ᠮᠦᠩᠭᠦᠨ ᠭᠦᠢᠯᠭᠡᠭᠡᠨ ᠤ ᠰᠢᠰᠲ᠋ᠧᠮ ᠠᠴᠠ ᠪᠠᠭᠤᠯᠭᠠᠭᠰᠠᠨ ᠠᠩᠬᠠᠳᠠᠭᠴᠢ ᠶᠠᠳᠠᠭᠤ ᠬᠦᠴᠢᠷᠳᠡᠯᠲᠡᠢ ᠬᠥᠳᠡᠭᠡ ᠲᠤᠰᠬᠤᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠢᠨᠵᠧᠨᠧᠷᠢᠭ ᠤᠨ ᠶᠠᠳᠠᠭᠤ ᠶᠢ ᠲᠡᠳᠬᠦᠬᠦ ᠣᠬᠤᠷ ᠬᠤᠭᠤᠴᠠᠭᠠᠲᠤ ᠵᠢᠭᠡᠯᠡᠯᠭᠡ ᠪᠣᠯᠣᠨ᠎ᠠ᠂ ᠪᠦᠬᠦ ᠣᠷᠣᠨ ᠤ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠳᠤ ᠵᠢᠱᠢᠶ᠎ᠡ ᠦᠵᠡᠭᠦᠯᠪᠡ᠃      ᠣᠶᠢᠯᠠᠭᠠᠭᠰᠠᠨ ᠢᠶᠠᠷ᠂ ᠲᠤᠰ ᠢᠨᠵᠧᠨᠧᠷᠢᠭ ᠤᠨ ᠲᠥᠷᠥᠯ ᠵᠦᠢᠯ ᠨᠢ 78 ᠶᠠᠳᠠᠭᠤ ᠬᠦᠴᠢᠷᠳᠡᠯᠲᠡᠢ ᠬᠥᠳᠡᠭᠡ ᠲᠤᠰᠬᠤᠨ ᠳᠤ 49.5 ᠺᠢᠯᠣᠮᠧᠲᠷ ᠤᠷᠲᠤ ᠲᠤᠰᠬᠤᠨ ᠳᠤ ᠨᠡᠪᠲᠡᠷᠡᠬᠦ ᠱᠦᠢᠨᠢ ᠵᠠᠮ᠂ 5.6 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠲᠤᠰᠬᠤᠨ ᠳᠤ ᠨᠡᠪᠲᠡᠷᠡᠬᠦ ᠱᠦᠢᠨᠢ ᠵᠠᠮ ᠤᠨ ᠤᠰᠤᠨ ᠳᠤ ᠡᠪᠳᠡᠭᠳᠡᠭᠰᠡᠨ ᠬᠡᠰᠡᠭ ᠢ ᠵᠠᠰᠠᠨ ᠰᠡᠷᠭᠦᠭᠡᠬᠦ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ᠃ 36 ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢ ᠵᠠᠰᠠᠨ ᠥᠭᠡᠷᠡᠴᠢᠯᠡᠵᠦ᠂ 1.3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠲᠠᠮᠢᠷ ᠤᠨ ᠲᠠᠯᠠᠪᠤᠷ ᠢ ᠪᠦᠲᠦᠭᠡᠨ ᠪᠠᠶᠢᠭᠤᠯᠤᠨ᠎ᠠ᠃ 93.8 ᠲᠦᠮᠡᠨ ᠳᠡᠭᠡᠭᠰᠢ ᠳᠥᠷᠪᠡᠯᠵᠢᠨ ᠮᠧᠲᠷ ᠬᠠᠰᠢᠶ᠎ᠠ ᠰᠠᠷᠠᠪᠴᠢ᠂ 15.7 ᠲᠦᠮᠡᠨ ᠳᠡᠭᠡᠭᠰᠢ ᠳᠥᠷᠪᠡᠯᠵᠢᠨ ᠮᠧᠲᠷ ᠳᠠᠷᠤᠰᠢᠨ ᠵᠣᠭᠤᠷᠢ᠂ 19.8 ᠲᠦᠮᠡᠨ ᠳᠡᠭᠡᠭᠰᠢ ᠳᠥᠷᠪᠡᠯᠵᠢᠨ ᠮᠧᠲᠷ ᠡᠪᠡᠰᠦ ᠪᠣᠷᠳᠣᠭᠠᠨ ᠬᠦᠮᠦᠷᠭᠡ᠂ 8800 ᠲᠡᠭᠰᠢ ᠳᠥᠷᠪᠡᠯᠵᠢᠨ ᠮᠧᠲᠷ ᠲᠣᠵᠣᠣ ᠱᠦᠭᠦᠷ ᠤᠨ ᠦᠢᠯᠡᠳᠪᠦᠷᠢ ᠶᠢ ᠪᠦᠲᠦᠭᠡᠨ ᠪᠠᠶᠢᠭᠤᠯᠵᠤ᠂ 151 ᠰᠠᠭᠤᠷᠢ ᠬᠦᠢᠲᠡᠨ ᠲᠠᠰᠤᠯᠭ᠎ᠠ ᠶᠢ ᠪᠠᠬᠢᠵᠢᠭᠦᠯᠦᠨ᠎ᠡ᠃ ᠲᠥᠷᠥᠯ ᠵᠦᠢᠯ ᠨᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ 32351 ᠬᠦᠮᠦᠨ ᠠᠮᠠ ᠶᠢ ᠳᠠᠶᠢᠴᠢᠯᠠᠵᠤ᠂ ᠪᠠᠭᠠᠷᠢᠨ ᠵᠡᠭᠦᠨ ᠬᠤᠰᠢᠭᠤ ᠶᠢᠨ 11 ᠰᠢᠶᠠᠩ ᠪᠠᠯᠭᠠᠰᠤᠨ ︵ᠰᠣᠮᠣ︶᠎ ᠤ 14 ᠲᠦᠮᠡᠨ ᠬᠦᠮᠦᠨ ᠠᠮᠠ ᠳᠤ ᠰᠢᠭᠤᠳ ᠠᠰᠢᠭ ᠬᠥᠷᠲᠡᠭᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号