2018 ᠤᠨ ᠳᠤ 12 ᠳ᠋ᠤᠭᠠᠷ ᠰᠠᠷ᠎ᠠ ᠳᠤ ᠶᠠᠪᠤᠭᠳᠠᠭᠰᠠᠨ ᠪᠥᠬᠦ ᠤᠯᠤᠰ ᠤᠨ ᠶᠡᠭᠡ ᠰᠤᠷᠭᠠᠭᠤᠯᠢ ᠶᠢᠨ | ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ︵CET︶ ᠶᠢᠨ ᠬᠢᠷᠢ ᠪᠦᠲᠦᠮᠵᠢ ︵ | ᠶᠠᠷᠢᠶᠠᠨ ᠤ ᠰᠢᠯᠭᠠᠯᠲᠠ ᠶᠢᠨ ᠬᠢᠷᠢ ᠪᠦᠲᠦᠮᠵᠢ ᠪᠠᠭᠲᠠᠨ᠎ᠠ︶ ᠶᠢ 2 ᠳ᠋ᠤᠭᠠᠷ ᠰᠠᠷ᠎ᠠ ᠶᠢᠨ 26 ᠤ ᠡᠳᠦᠷ ︵ | ᠭᠠᠷᠠᠭ ᠤᠨ ᠬᠤᠶᠠᠷ︶ ᠤᠨ 13 ᠴᠠᠭ ᠲᠤ ᠨᠡᠶᠢᠲᠡᠯᠡᠨ᠎ᠡ᠂ ᠰᠢᠯᠭᠠᠭᠤᠯᠤᠭᠴᠢ ᠳᠣᠣᠷᠠᠬᠢ ᠬᠤᠶᠠᠷ ᠵᠦᠢᠯ ᠤᠨ | ᠠᠷᠭ᠎ᠠ ᠪᠠᠷ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠤᠯᠤᠨ᠎ᠠ᠄ | ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠰᠦᠯᠵᠢᠶ᠎ᠡ ︵ᠰᠦᠯᠵᠢᠶᠡᠨ ᠤ | ᠬᠠᠶ᠋ᠢᠭ᠄ http://cet.neea.edu.cn/cet/︶ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃ | ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠤᠨ ᠮᠡᠳᠡᠭᠡ | ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ᠄ http://www.chsi.com.cn/cet︶ ᠳᠤ ᠭᠠᠷᠴᠤ | ᠪᠠᠶᠢᠴᠠᠭᠠᠨ ᠯᠠᠪᠯᠠᠵᠤ ᠪᠣᠯᠤᠨ᠎ᠠ᠃ | ᠰᠠᠨᠠᠭᠤᠯᠤᠮᠵᠢ | ᠪᠢᠷ ᠤᠨ ᠰᠢᠯᠭᠠᠯᠲᠠ ᠶᠢᠨ ᠬᠢᠷᠢ ᠪᠦᠲᠦᠮᠵᠢ 220 ᠬᠤᠪᠢ ᠠᠴᠠ ᠳᠣᠣᠷ᠎ᠠ ᠪᠤᠯ ᠪᠠᠶᠢᠴᠠᠭᠠᠨ ᠯᠠᠪᠯᠠᠬᠤ | ᠰᠢᠰᠲ᠋ᠧᠮ ᠳᠤ ᠢᠯᠡᠷᠡᠬᠦ ᠬᠢᠷᠢ ᠪᠦᠲᠦᠮᠵᠢ ᠨᠢ 0 ᠬᠤᠪᠢ ᠪᠤᠯᠤᠨ᠎ᠠ︔ ᠬᠡᠷᠪᠡ ᠰᠢᠯᠭᠠᠭᠤᠯᠤᠭᠴᠢ ᠶᠢᠨ ᠶᠠᠷᠢᠶᠠᠨ ᠤ | ᠰᠢᠯᠭᠠᠯᠲᠠ ᠶᠢᠨ ᠬᠢᠷᠢ ᠪᠦᠲᠦᠮᠵᠢ ᠨᠢ D ᠳᠡᠰ ᠪᠤᠯ ᠬᠢᠷᠢ ᠪᠦᠲᠦᠮᠵᠢ ᠮᠡᠳᠡᠭᠦᠯᠬᠦ ᠬᠠᠭᠤᠳᠠᠰᠤ ᠳᠡᠭᠡᠷ᠎ᠡ ᠶᠠᠷᠢᠶᠠᠨ ᠤ | ᠰᠢᠯᠭᠠᠯᠲᠠ ᠶᠢᠨ ᠬᠢᠷᠢ ᠪᠦᠲᠦᠮᠵᠢ ᠶᠢ ᠨᠢ ᠳᠠᠬᠢᠵᠤ ᠮᠡᠳᠡᠭᠦᠯᠬᠦ ᠦᠭᠡᠢ᠃ | ᠬᠡᠷᠪᠡ ᠰᠢᠯᠭᠠᠭᠤᠯᠤᠭᠴᠢ ᠬᠢᠷᠢ ᠪᠦᠲᠦᠮᠵᠢ ᠳᠤ ᠪᠠᠨ ᠰᠡᠵᠢᠭᠯᠡᠯᠲᠡᠶ ᠪᠠᠶᠢᠪᠠᠯ᠂ ᠰᠢᠭᠤᠳ CET ᠬᠢᠨᠠᠨ | ᠰᠢᠯᠭᠠᠬᠤ ᠺᠣᠮᠢᠰ ᠤᠨ ᠠᠯᠪᠠᠨ ᠭᠡᠷ ᠢᠶᠠᠷ ᠳᠠᠮᠵᠢᠭᠤᠯᠤᠨ ᠬᠢᠷᠢ ᠪᠦᠲᠦᠮᠵᠢ ᠪᠠᠨ ᠬᠢᠨᠠᠨ ᠪᠠᠶᠢᠴᠠᠭᠠᠵᠤ ᠪᠤᠯᠤᠨ᠎ᠠ᠂ | ᠪᠣᠳᠠᠲᠠᠶ ᠱᠠᠭᠠᠷᠳᠠᠯᠭ᠎ᠠ ᠶᠢ ︽ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ | ᠵᠢᠷᠭᠤᠳᠤᠭᠠᠷ ᠳᠡᠰ ᠤᠨ ᠰᠢᠯᠭᠠᠯᠲᠠ︾ ᠶᠢᠨ ᠰᠦᠯᠵᠢᠶᠡᠨ ᠳᠡᠭᠡᠷᠡᠬᠢ ︽ᠦᠨᠡᠮᠯᠡᠯ / ᠬᠢᠷᠢ ᠪᠦᠲᠦᠮᠵᠢ ᠶᠢᠨ | ᠬᠠᠭᠤᠳᠠᠰᠤ ᠶᠢ ᠵᠠᠰᠠᠬᠤ︾ ᠪᠤᠯᠤᠩ ᠳᠡᠭᠡᠷ᠎ᠡ ᠨᠡᠶᠢᠲᠡᠯᠡᠨ᠎ᠡ᠂ ᠰᠦᠯᠵᠢᠶᠡᠨ ᠬᠠᠶ᠋ᠢᠭ᠄ http᠄//www.cet.edu. | cn/cet_kw1.htm᠃ | CET ᠶᠢᠨ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ︵ᠶᠠᠷᠢᠶᠠᠨ ᠤ ᠰᠢᠯᠭᠠᠯᠲᠠ ᠶᠢᠨ ᠬᠢᠷᠢ | ᠪᠦᠲᠦᠮᠵᠢ ᠪᠠᠭᠲᠠᠨ᠎ᠠ︶ ᠶᠢ ᠬᠢᠷᠢ ᠪᠦᠲᠦᠮᠵᠢ ᠶᠢ ᠨᠡᠶᠢᠲᠡᠯᠡᠭᠰᠡᠨ 30 ᠠᠵᠢᠯᠯᠠᠬᠤ ᠡᠳᠦᠷ ᠤᠨ ᠳᠠᠷᠠᠭ᠎ᠠ ᠡᠯ᠎ᠡ | ᠮᠤᠵᠢ ᠶᠢᠨ ᠱᠠᠲᠤᠨ ᠤ ᠪᠠᠶᠢᠭᠤᠯᠤᠮᠵᠢ ᠠᠴᠠ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠨᠢ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠶᠢ | ᠤᠯᠵᠤ ᠠᠪᠤᠭᠰᠠᠨ ᠤ ᠳᠠᠷᠠᠭ᠎ᠠ ᠲᠡᠷᠡ ᠳᠠᠷᠤᠶ ᠳᠤ ᠨᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ | ᠴᠡᠭ ᠲᠤ ᠪᠠᠭᠤᠯᠭᠠᠵᠤ ᠦᠭᠭᠦᠨ᠎ᠡ᠃ ᠡᠶᠢᠮᠦ ᠠᠴᠠ ᠬᠢᠷᠢ ᠪᠦᠲᠦᠮᠵᠢ ᠶᠢᠨ ᠬᠠᠭᠤᠳᠠᠰᠤ ᠠᠪᠬᠤ ᠴᠠᠭ ᠨᠢ ᠰᠢᠯᠭᠠᠯᠲᠠ | ᠳᠠᠭᠤᠰᠤᠭᠰᠠᠨ ᠤ ᠳᠠᠷᠠᠭᠠᠬᠢ 90 ᠡᠳᠦᠷ ᠠᠴᠠ ᠤᠷᠤᠶᠢᠲᠠᠨᠠ᠂ ᠰᠢᠯᠭᠠᠭᠤᠯᠤᠭᠴᠢᠳ ᠬᠦᠯᠢᠴᠡᠩᠭᠦᠶ ᠪᠠᠷ | ᠬᠦᠯᠢᠶᠡᠭᠡᠷᠡᠢ᠃ | ᠵᠯᠭᠠᠭᠤᠯᠤᠭᠴᠢ ᠶᠢᠨ ᠬᠤᠪᠢ ᠬᠥᠮᠦᠨ ᠤ ᠠᠰᠠᠭᠤᠳᠠᠯ ᠠᠴᠠ ᠪᠤᠯᠵᠤ CET ᠶᠢᠨ ᠬᠢᠷᠢ ᠪᠦᠲᠦᠮᠵᠢ ᠶᠢᠨ | ᠬᠠᠭᠤᠳᠠᠰᠤ ᠳᠡᠭᠡᠷᠡᠬᠢ ᠮᠡᠳᠡᠭᠡ ᠵᠠᠩᠭᠢ ᠨᠢ ᠪᠤᠷᠤᠭᠤ ᠭᠠᠷᠤᠭᠰᠠᠨ ᠪᠤᠯ ᠵᠠᠰᠠᠨ ᠨᠦᠬᠦᠵᠦ ᠪᠣᠯᠬᠤ ᠦᠭᠡᠢ᠃ | ᠰᠢᠯᠭᠠᠭᠤᠯᠤᠭᠴᠢ ᠶᠢᠨ ᠬᠤᠪᠢ ᠬᠥᠮᠦᠨ ᠤ ᠠᠰᠠᠭᠤᠳᠠᠯ ᠠᠴᠠ ᠪᠣᠯᠵᠤ CET ᠶᠢᠨ ᠬᠢᠷᠢ ᠪᠦᠲᠦᠮᠵᠢ ᠶᠢᠨ | ᠬᠠᠭᠤᠳᠠᠰᠤ ᠪᠠᠨ ᠭᠡᠭᠡᠭᠰᠡᠨ ᠪᠤᠯ ᠨᠥᠬᠦᠵᠦ ᠣᠯᠭᠤᠬᠤ ᠦᠭᠡᠢ᠂ ᠵᠥᠪᠬᠡᠨ ᠬᠢᠷᠢ ᠪᠦᠲᠦᠮᠵᠢ ᠶᠢᠨ ᠭᠡᠷᠡᠴᠢᠯᠡᠯ ᠢᠶᠠᠨ | ᠨᠦᠬᠦᠭᠦᠯᠵᠦ ᠪᠤᠯᠤᠨ᠎ᠠ᠂ ᠭᠡᠬᠦ ᠳᠤ ᠪᠠᠨ ᠰᠢᠯᠭᠠᠭᠤᠯᠤᠭᠴᠢ ᠥᠪᠡᠷ ᠢᠶᠠᠨ ᠭᠦᠢᠴᠡᠳᠬᠡᠨ᠎ᠡ᠃ ᠪᠣᠳᠠᠲᠠᠶ | ᠱᠠᠭᠠᠷᠳᠠᠯᠭ᠎ᠠ ᠶᠢ ︽ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ | ᠳᠡᠰ ᠤᠨ ᠰᠢᠯᠭᠠᠯᠲᠠ︾ ᠶᠢᠨ ᠰᠦᠯᠵᠢᠶ᠎ᠡ ᠶᠢᠨ ︽ ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ︾ | ᠪᠤᠯᠤᠩ ᠳᠡᠭᠡᠷ᠎ᠡ ᠨᠡᠶᠢᠲᠡᠯᠡᠨ᠎ᠡ᠃ |