2018 ᠤᠨ ᠤ 12 ᠳ᠋ᠤᠭᠠᠷ ᠰᠠᠷ᠎ᠠ ᠳᠤ ᠶᠠᠪᠤᠭᠳᠠᠭᠰᠠᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠥᠳᠦᠷ ᠨᠡᠶᠢᠲᠡᠯᠡᠨ᠎ᠡ
ᠨᠡᠶᠢᠲᠡᠯᠡᠭᠰᠡᠨ ᠴᠠᠭ᠄
2019/2/26

     2018 ᠤᠨ ᠳᠤ 12 ᠳ᠋ᠤᠭᠠᠷ ᠰᠠᠷ᠎ᠠ ᠳᠤ ᠶᠠᠪᠤᠭᠳᠠᠭᠰᠠᠨ ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ︵CET︶ ᠶᠢᠨ ᠬᠢᠷᠢ ᠪᠦᠲᠦᠮᠵᠢ ︵ᠶᠠᠷᠢᠶᠠᠨ ᠤ ᠰᠢᠯᠭᠠᠯᠲᠠ ᠶᠢᠨ ᠬᠢᠷᠢ ᠪᠦᠲᠦᠮᠵᠢ ᠪᠠᠭᠲᠠᠨ᠎ᠠ︶   ᠶᠢ 2 ᠳ᠋ᠤᠭᠠᠷ ᠰᠠᠷ᠎ᠠ ᠶᠢᠨ 26 ᠤ ᠡᠳᠦᠷ ︵ᠭᠠᠷᠠᠭ ᠤᠨ ᠬᠤᠶᠠᠷ︶ ᠤᠨ 13 ᠴᠠᠭ ᠲᠤ ᠨᠡᠶᠢᠲᠡᠯᠡᠨ᠎ᠡ᠂ ᠰᠢᠯᠭᠠᠭᠤᠯᠤᠭᠴᠢ ᠳᠣᠣᠷᠠᠬᠢ ᠬᠤᠶᠠᠷ ᠵᠦᠢᠯ ᠤᠨ ᠠᠷᠭ᠎ᠠ ᠪᠠᠷ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠤᠯᠤᠨ᠎ᠠ᠄
     ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠥᠪ ᠰᠦᠯᠵᠢᠶ᠎ᠡ ︵ᠰᠦᠯᠵᠢᠶᠡᠨ ᠤ ᠬᠠᠶ᠋ᠢᠭ᠄ http://cet.neea.edu.cn/cet/︶ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃
     ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ ᠰᠦᠯᠵᠢᠶ᠎ᠡ ︵ᠰᠦᠯᠵᠢᠶᠡᠨ ᠤ ᠬᠠᠶ᠋ᠢᠭ᠄ http://www.chsi.com.cn/cet︶ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃
     ᠰᠠᠨᠠᠭᠤᠯᠤᠮᠵᠢ
     ᠪᠢᠷ ᠤᠨ ᠰᠢᠯᠭᠠᠯᠲᠠ ᠶᠢᠨ ᠬᠢᠷᠢ ᠪᠦᠲᠦᠮᠵᠢ 220 ᠬᠤᠪᠢ ᠠᠴᠠ ᠳᠣᠣᠷ᠎ᠠ ᠪᠤᠯ ᠪᠠᠶᠢᠴᠠᠭᠠᠨ ᠯᠠᠪᠯᠠᠬᠤ ᠰᠢᠰᠲ᠋ᠧᠮ ᠳᠤ ᠢᠯᠡᠷᠡᠬᠦ ᠬᠢᠷᠢ ᠪᠦᠲᠦᠮᠵᠢ ᠨᠢ 0 ᠬᠤᠪᠢ ᠪᠤᠯᠤᠨ᠎ᠠ︔ ᠬᠡᠷᠪᠡ ᠰᠢᠯᠭᠠᠭᠤᠯᠤᠭᠴᠢ ᠶᠢᠨ ᠶᠠᠷᠢᠶᠠᠨ ᠤ ᠰᠢᠯᠭᠠᠯᠲᠠ ᠶᠢᠨ ᠬᠢᠷᠢ ᠪᠦᠲᠦᠮᠵᠢ ᠨᠢ D ᠳᠡᠰ ᠪᠤᠯ ᠬᠢᠷᠢ ᠪᠦᠲᠦᠮᠵᠢ ᠮᠡᠳᠡᠭᠦᠯᠬᠦ ᠬᠠᠭᠤᠳᠠᠰᠤ ᠳᠡᠭᠡᠷ᠎ᠡ ᠶᠠᠷᠢᠶᠠᠨ ᠤ ᠰᠢᠯᠭᠠᠯᠲᠠ ᠶᠢᠨ ᠬᠢᠷᠢ ᠪᠦᠲᠦᠮᠵᠢ ᠶᠢ ᠨᠢ ᠳᠠᠬᠢᠵᠤ ᠮᠡᠳᠡᠭᠦᠯᠬᠦ ᠦᠭᠡᠢ᠃
     ᠬᠡᠷᠪᠡ ᠰᠢᠯᠭᠠᠭᠤᠯᠤᠭᠴᠢ ᠬᠢᠷᠢ ᠪᠦᠲᠦᠮᠵᠢ ᠳᠤ ᠪᠠᠨ ᠰᠡᠵᠢᠭᠯᠡᠯᠲᠡᠶ ᠪᠠᠶᠢᠪᠠᠯ᠂ ᠰᠢᠭᠤᠳ CET ᠬᠢᠨᠠᠨ ᠰᠢᠯᠭᠠᠬᠤ ᠺᠣᠮᠢᠰ ᠤᠨ ᠠᠯᠪᠠᠨ ᠭᠡᠷ ᠢᠶᠠᠷ ᠳᠠᠮᠵᠢᠭᠤᠯᠤᠨ ᠬᠢᠷᠢ ᠪᠦᠲᠦᠮᠵᠢ ᠪᠠᠨ ᠬᠢᠨᠠᠨ ᠪᠠᠶᠢᠴᠠᠭᠠᠵᠤ ᠪᠤᠯᠤᠨ᠎ᠠ᠂ ᠪᠣᠳᠠᠲᠠᠶ ᠱᠠᠭᠠᠷᠳᠠᠯᠭ᠎ᠠ ᠶᠢ ︽ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ︾ ᠶᠢᠨ ᠰᠦᠯᠵᠢᠶᠡᠨ ᠳᠡᠭᠡᠷᠡᠬᠢ ︽ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ︾ ᠪᠤᠯᠤᠩ ᠳᠡᠭᠡᠷ᠎ᠡ ᠨᠡᠶᠢᠲᠡᠯᠡᠨ᠎ᠡ᠂ ᠰᠦᠯᠵᠢᠶᠡᠨ ᠬᠠᠶ᠋ᠢᠭ᠄ http᠄//www.cet.edu.cn/cet_kw1.htm᠃
     CET ᠶᠢᠨ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ︵ᠶᠠᠷᠢᠶᠠᠨ ᠤ ᠰᠢᠯᠭᠠᠯᠲᠠ ᠶᠢᠨ ᠬᠢᠷᠢ ᠪᠦᠲᠦᠮᠵᠢ ᠪᠠᠭᠲᠠᠨ᠎ᠠ︶ ᠶᠢ ᠬᠢᠷᠢ ᠪᠦᠲᠦᠮᠵᠢ ᠶᠢ ᠨᠡᠶᠢᠲᠡᠯᠡᠭᠰᠡᠨ 30 ᠠᠵᠢᠯᠯᠠᠬᠤ ᠡᠳᠦᠷ ᠤᠨ ᠳᠠᠷᠠᠭ᠎ᠠ ᠡᠯ᠎ᠡ ᠮᠤᠵᠢ ᠶᠢᠨ ᠱᠠᠲᠤᠨ ᠤ ᠪᠠᠶᠢᠭᠤᠯᠤᠮᠵᠢ ᠠᠴᠠ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠨᠢ ᠬᠢᠷᠢ ᠪᠦᠲᠦᠮᠵᠢ ᠶᠢᠨ ᠮᠡᠳᠡᠭᠳᠡᠯ ᠤᠨ ᠬᠠᠭᠤᠳᠠᠰᠤ ᠶᠢ ᠤᠯᠵᠤ ᠠᠪᠤᠭᠰᠠᠨ ᠤ ᠳᠠᠷᠠᠭ᠎ᠠ ᠲᠡᠷᠡ ᠳᠠᠷᠤᠶ ᠳᠤ ᠨᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠪᠠᠭᠤᠯᠭᠠᠵᠤ ᠦᠭᠭᠦᠨ᠎ᠡ᠃ ᠡᠶᠢᠮᠦ ᠠᠴᠠ ᠬᠢᠷᠢ ᠪᠦᠲᠦᠮᠵᠢ ᠶᠢᠨ ᠬᠠᠭᠤᠳᠠᠰᠤ ᠠᠪᠬᠤ ᠴᠠᠭ ᠨᠢ ᠰᠢᠯᠭᠠᠯᠲᠠ ᠳᠠᠭᠤᠰᠤᠭᠰᠠᠨ ᠤ ᠳᠠᠷᠠᠭᠠᠬᠢ 90 ᠡᠳᠦᠷ ᠠᠴᠠ ᠤᠷᠤᠶᠢᠲᠠᠨ᠎ᠠ᠂ ᠰᠢᠯᠭᠠᠭᠤᠯᠤᠭᠴᠢᠳ ᠬᠦᠯᠢᠴᠡᠩᠭᠦᠶ ᠪᠠᠷ ᠬᠦᠯᠢᠶᠡᠭᠡᠷᠡᠢ᠃
     ᠵᠯᠭᠠᠭᠤᠯᠤᠭᠴᠢ ᠶᠢᠨ ᠬᠤᠪᠢ ᠬᠥᠮᠦᠨ ᠤ ᠠᠰᠠᠭᠤᠳᠠᠯ ᠠᠴᠠ ᠪᠤᠯᠵᠤ CET ᠶᠢᠨ ᠬᠢᠷᠢ ᠪᠦᠲᠦᠮᠵᠢ ᠶᠢᠨ ᠬᠠᠭᠤᠳᠠᠰᠤ ᠳᠡᠭᠡᠷᠡᠬᠢ ᠮᠡᠳᠡᠭᠡ ᠵᠠᠩᠭᠢ ᠨᠢ ᠪᠤᠷᠤᠭᠤ ᠭᠠᠷᠤᠭᠰᠠᠨ ᠪᠤᠯ ᠵᠠᠰᠠᠨ ᠨᠦᠬᠦᠵᠦ ᠪᠣᠯᠬᠤ ᠦᠭᠡᠢ᠃ ᠰᠢᠯᠭᠠᠭᠤᠯᠤᠭᠴᠢ ᠶᠢᠨ ᠬᠤᠪᠢ ᠬᠥᠮᠦᠨ ᠤ ᠠᠰᠠᠭᠤᠳᠠᠯ ᠠᠴᠠ ᠪᠣᠯᠵᠤ CET ᠶᠢᠨ ᠬᠢᠷᠢ ᠪᠦᠲᠦᠮᠵᠢ ᠶᠢᠨ ᠬᠠᠭᠤᠳᠠᠰᠤ ᠪᠠᠨ ᠭᠡᠭᠡᠭᠰᠡᠨ ᠪᠤᠯ ᠨᠥᠬᠦᠵᠦ ᠣᠯᠭᠤᠬᠤ ᠦᠭᠡᠢ᠂ ᠵᠥᠪᠬᠡᠨ ᠬᠢᠷᠢ ᠪᠦᠲᠦᠮᠵᠢ ᠶᠢᠨ ᠭᠡᠷᠡᠴᠢᠯᠡᠯ ᠢᠶᠠᠨ ᠨᠦᠬᠦᠭᠦᠯᠵᠦ ᠪᠤᠯᠤᠨ᠎ᠠ᠂ ᠭᠡᠬᠦ ᠳᠤ ᠪᠠᠨ ᠰᠢᠯᠭᠠᠭᠤᠯᠤᠭᠴᠢ ᠥᠪᠡᠷ ᠢᠶᠠᠨ ᠭᠦᠢᠴᠡᠳᠬᠡᠨ᠎ᠡ᠃ ᠪᠣᠳᠠᠲᠠᠶ ᠱᠠᠭᠠᠷᠳᠠᠯᠭ᠎ᠠ ᠶᠢ ︽ᠪᠥᠬᠦ ᠤᠯᠤᠰ ᠤᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ︾ ᠶᠢᠨ ᠰᠦᠯᠵᠢᠶ᠎ᠡ ᠶᠢᠨ ︽  ᠦᠨᠡᠮᠯᠡᠯ / ᠬᠢᠷᠢ ᠪᠦᠲᠦᠮᠵᠢ ᠶᠢᠨ ᠬᠠᠭᠤᠳᠠᠰᠤ ᠶᠢ ᠵᠠᠰᠠᠬᠤ︾ ᠪᠤᠯᠤᠩ ᠳᠡᠭᠡᠷ᠎ᠡ ᠨᠡᠶᠢᠲᠡᠯᠡᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ